9 ᠰᠠᠷ᠎ᠠ ᠶᠢᠨ 21 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠵᠧᠦ ᠴᠢᠶᠠᠩ ᠲᠠᠢ ᠪᠠᠷᠠᠳᠠᠨ ᠵᠣᠯᠭᠠᠪᠠ ᠃ | | | | | | ᠵᠧᠦ ᠴᠢᠶᠠᠩ ᠂ ᠪᠠᠶᠢᠴᠠᠭᠠᠨ ᠰᠤᠳᠤᠯᠬᠤ ᠳᠤᠭᠤᠶᠢᠯᠠᠩ ᠵᠠᠮ ᠲᠤᠷᠰᠢ ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠪᠠᠶᠢᠭ᠎ᠠ ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ ᠂ ᠴᠤᠭ ᠵᠢᠪᠬᠤᠭ᠎ᠠ ᠲᠡᠭᠦᠯᠳᠡᠷ ᠪᠠᠶᠢᠬᠤ | ᠶᠢ ᠭᠦᠨᠵᠡᠭᠡᠢ ᠮᠡᠳᠡᠷᠡᠯ᠎ᠡ ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ ᠂ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ ︔ ᠠᠮᠢ ᠠᠬᠤᠢ ᠬᠡᠪᠡᠷᠡᠭ ᠪᠠᠶᠢᠬᠤ ᠪᠠᠶᠢᠳᠠᠯ ᠳᠣᠣᠷ᠎ᠠ ᠂ | ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ ᠨᠢ | ᠭᠢᠯᠪᠠᠷ ᠪᠤᠰᠤ ᠶᠤᠮ ᠂ ᠪᠢᠳᠡ ᠶᠡᠬᠡᠳᠡ ᠵᠣᠷᠢᠭᠵᠢᠪᠠ ᠃ ᠢᠯᠠᠩᠭᠤᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ | ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ ᠂ | ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ ᠂ ᠬᠠᠮᠤᠭ ᠤᠨ ᠴᠢᠩᠭ᠎ᠠ ᠳᠦᠷᠢᠮ ᠬᠠᠮᠤᠭ ᠤᠨ | ᠴᠢᠩᠭ᠎ᠠ ᠬᠠᠤᠯᠢᠵᠢᠯ ᠢᠶᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠂ ᠰᠢᠨ᠎ᠡ ᠲᠤᠷᠰᠢᠯᠭ᠎ᠠ ᠶᠢ | ᠬᠤᠷᠠᠮᠳᠤᠭᠤᠯᠪᠠ ᠃ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠠᠮᠢ ᠠᠬᠤᠢ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠷᠭ᠎ᠠ ᠬᠢᠳᠡᠯ ᠂ ᠦᠷ᠎ᠡ ᠪᠦᠲᠦᠮᠵᠢ ᠂ ᠲᠤᠷᠰᠢᠯᠭ᠎ᠠ ᠶᠢ ᠰᠠᠶᠢᠲᠤᠷ | ᠳ᠋ᠦᠩᠨᠡᠵᠦ ᠂ ᠰᠠᠶᠢᠲᠤᠷ ᠤᠬᠠᠭᠤᠯᠵᠤ ᠂ ᠰᠠᠶᠢᠲᠤᠷ ᠬᠡᠷᠡᠭᠯᠡᠨ᠎ᠡ ᠭᠡᠪᠡ ᠃ | | | | | | ᠰᠦᠨ ᠱᠤᠤ ᠴᠧᠩ ᠵᠧᠦ ᠴᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ | ᠣᠳᠣᠬᠠᠨ ᠳᠤ ᠂ ᠪᠦᠭᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠂ | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ︽ | ᠲᠠᠪᠤᠨ ᠶᠡᠭᠡ ᠡᠭᠦᠷᠭᠡ ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠪᠠᠶᠢᠨ᠎ᠠ ᠃ ᠠᠵᠢᠯ ᠤᠨ ᠳᠤᠮᠳᠠ ᠪᠠᠨ ᠂ ᠨᠢᠭᠡ ᠳᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ | ᠠᠵᠢᠯ ᠳᠤᠮᠳᠠ ᠲᠤᠭᠤᠰᠢᠯᠠᠭᠤᠯᠵᠤ ᠂ ᠡᠨᠡ ᠬᠦ ᠭᠤᠣᠯ ᠰᠢᠵᠢᠮ ᠢ ᠡᠷᠡᠰ ᠨᠠᠶᠢᠳᠠᠪᠤᠷᠢᠵᠢᠭᠤᠯᠤᠨ᠎ᠠ ︔ ᠬᠤᠶᠠᠷ ᠲᠤ ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠶᠢ ᠢᠮᠠᠭᠲᠠ ᠪᠠᠲᠤ ᠴᠡᠭᠡᠵᠢᠯᠡᠬᠦ ︽ ᠤᠯᠤᠰ ᠤᠨ ᠶᠡᠭᠡ ᠶᠠᠪᠤᠳᠠᠯ ︾ ᠪᠤᠯᠭᠠᠵᠤ ᠂ ᠡᠨᠡ ᠬᠦ ᠨᠣᠭᠤᠭᠠᠨ | ᠱᠤᠭᠤᠮ ᠢ ᠨᠠᠷᠢᠨ ᠨᠢᠮᠪᠠᠢ ᠰᠠᠶᠢᠲᠤᠷ ᠬᠠᠮᠠᠭᠠᠯᠠᠨ᠎ᠠ ︔ ᠭᠤᠷᠪᠠ ᠳᠤ ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠠᠯᠢᠪᠠ ᠠᠵᠢᠯ ᠤᠨ ᠤᠷᠢᠲᠠᠯ ᠪᠠ ᠰᠠᠭᠤᠷᠢ ᠪᠠᠨ | ᠪᠤᠯᠭᠠᠵᠤ ᠂ ᠡᠨᠡ ᠬᠦ ᠤᠯᠠᠭᠠᠨ ᠱᠤᠭᠤᠮ ᠢ ᠪᠠᠲᠤ ᠰᠠᠬᠢᠨ᠎ᠠ ᠃ ᠡᠨᠡ ᠤᠳᠠᠭ᠎ᠠ ᠶᠢᠨ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠪᠠᠶᠢᠴᠠᠭᠠᠨ | ᠰᠤᠳᠤᠯᠤᠯᠲᠠ ᠬᠢᠵᠦ ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ ᠂ ᠪᠢᠳᠡᠨ ᠤ ᠡᠬᠡ ᠤᠯᠤᠰ ᠤᠨ | ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ | ᠬᠠᠪᠰᠤᠷᠤᠯᠭ᠎ᠠ ᠦᠵᠡᠭᠦᠯᠭᠦ ᠶᠢ ᠬᠦᠰᠡᠵᠦ ᠪᠠᠶᠢᠨ᠎ᠠ ᠭᠡᠵᠡᠢ ᠃ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠂ ᠨᠡᠶᠢᠭᠡᠮ ᠪᠠ ᠬᠠᠤᠯᠢ | ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠷᠤᠸᠠᠨ ᠴᠧᠩ ᠹᠠ ᠂ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠭᠡᠰᠢᠭᠦᠨ ᠶᠢᠨ ᠬᠤᠩ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠯᠦ ᠰᠢ ᠂ ᠫᠠᠨ ᠪᠢ ᠯᠢᠩ ᠂ ᠭᠦᠩ ᠹᠦ᠋ ᠸᠧᠨ ᠂ ᠼᠦᠢ ᠯᠢ ᠵᠢᠤᠸᠠᠨ ᠪᠣᠯᠣᠨ ᠥᠪᠡᠷᠲᠡᠭᠡᠨ ᠵᠠᠰᠠᠬᠤ | ᠣᠷᠣᠨ ᠤ ᠤᠳᠤᠷᠢᠳᠤᠯᠭ᠎ᠠ ᠢᠦᠢ ᠯᠢ ᠰᠢᠨ ᠂ ᠯᠥᠸᠧ ᡁᠢ ᠬᠤ᠋ ᠠᠵᠢᠯᠯᠠᠭ᠎ᠠ ᠳᠤ ᠣᠷᠣᠯᠴᠠᠵᠠᠢ ᠃ | |