9 ᠰᠠᠷ᠎ᠠ ᠶᠢᠨ 18 ᠠᠴᠠ 20 ᠤ ᠡᠳᠦᠷ ᠪᠤᠯᠲᠠᠯ᠎ᠠ ᠂ ᠰᠦᠨ ᠱᠤᠤ ᠴᠧᠩ ᠬᠢᠩᠭᠠᠨ ᠠᠶᠢᠮᠠᠭ ᠲᠤ | ᠭᠦᠨᠵᠡᠭᠡᠶᠢᠷᠡᠵᠦ ᠂ ᠬᠠᠷᠢᠯᠴᠠᠬᠤ ᠴᠡᠭ ᠤᠨ ᠢᠶᠠᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ | ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃ | | | | | | ᠰᠦᠨ ᠱᠤᠤ ᠴᠧᠩ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠲᠦᠴᠢᠦᠸᠠᠨ | ᠰᠢᠶᠠᠨ ᠂ ᠵᠠᠯᠠᠶᠢᠳ ᠬᠤᠰᠢᠭᠤᠨ ᠳᠤ ᠬᠦᠷᠴᠦ ᠂ ᠲᠤᠬᠠᠢ ᠶᠢᠨ ᠭᠠᠵᠠᠷ ᠤᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠪᠣᠯᠣᠨ | ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠶᠢ ᠨᠠᠷᠢᠨ ᠠᠰᠠᠭᠤᠪᠠ ᠃ ᠲᠡᠷᠡ ᠪᠠᠰᠠ ᠬᠢᠩᠭᠠᠨ ᠠᠶᠢᠮᠠᠭ ᠤᠨ | ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠳᠤ | ᠣᠷᠣᠯᠴᠠᠪᠠ ᠃ | | | | | | ᠰᠦᠨ ᠱᠤᠤ ᠴᠧᠩ ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ | ᠥᠪᠡᠷ ᠤᠨ ᠪᠡᠶ᠎ᠡ ᠪᠠᠷ ᠢᠶᠠᠨ ᠲᠥᠯᠥᠪᠵᠢᠭᠦᠯᠦᠨ ᠪᠠᠶᠢᠷᠢᠯᠠᠭᠤᠯᠤᠭᠰᠠᠨ ᠶᠤᠮ ᠂ ᠪᠢᠳᠡ ᠵᠠᠪᠠᠯ ᠳᠡᠭᠡᠳᠦ ᠬᠡᠮᠵᠢᠶᠡᠨ ᠤ | ᠤᠯᠤᠰ ᠲᠦᠷᠦ ᠶᠢᠨ ᠵᠣᠭᠰᠣᠴᠠ ᠪᠠ ᠤᠯᠤᠰ ᠲᠦᠷᠦ ᠶᠢᠨ ᠤᠬᠠᠮᠰᠠᠷ ᠢᠶᠠᠷ ᠂ ᠡᠯ᠎ᠡ ᠵᠦᠢᠯ ᠤᠨ ᠲᠣᠭᠲᠠᠭᠰᠠᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠡᠭᠦᠨ ᠤ ᠳᠤᠮᠳᠠ ᠠᠴᠠ ᠦᠨᠡᠨ ᠬᠦ ᠬᠥᠮᠦᠵᠢᠯ ᠭᠦᠷᠳᠡᠭᠦ | ᠬᠡᠷᠡᠭᠲᠡᠢ ᠃ ᠤᠨᠤᠯ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ ᠂ ᠪᠦᠭᠦ ᠲᠠᠯ᠎ᠠ ᠪᠠᠷ ᠰᠤᠷᠤᠯᠴᠠᠵᠦ ᠂ | ᠨᠢᠭᠡᠳᠦᠯᠲᠡᠢ ᠲᠥᠯᠥᠪᠵᠢᠭᠦᠯᠦᠨ ᠰᠤᠷᠤᠯᠴᠠᠵᠦ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠦ ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠣᠶᠢᠯᠠᠭᠠᠨ ᠡᠵᠡᠮᠰᠢᠵᠦ ᠂ ︽ ᠥᠪᠥᠷ ᠮᠣᠩᠭᠤᠯ ᠤᠨ ᠬᠠᠭᠤᠳᠠᠰᠤ︾ ᠶᠢ | ᠲᠣᠪᠣᠶᠢᠮ᠎ᠠ ᠰᠠᠶᠢᠲᠤᠷ ᠰᠤᠷᠤᠯᠴᠠᠬᠤ ᠶᠢᠨ ᠬᠠᠮᠲᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠬᠠᠶᠢᠯᠠᠭᠰᠠᠨ ᠠᠵᠢᠯ ᠢ ᠰᠤᠷᠤᠯᠴᠠᠵᠦ ᠂ ᠲᠦᠷᠦ ᠶᠢᠨ ᠪᠣᠳᠣᠯᠭ᠎ᠠ ᠶᠢ | ᠰᠤᠷᠤᠯᠴᠠᠬᠤ ᠬᠡᠷᠡᠭᠲᠡᠢ ᠃ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠷᠰᠢᠯᠭ᠎ᠠ ᠶᠢ ᠰᠤᠷᠤᠯᠴᠠᠨ | ᠲᠣᠯᠢ ᠪᠤᠯᠭᠠᠬᠤ ᠬᠡᠷᠡᠭᠲᠡᠢ ᠂ ᠭᠡᠪᠡᠴᠦ ᠮᠧᠬᠠᠨᠢᠭ ᠢᠶᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ ᠦᠭᠡᠢ ᠂ | ᠵᠠᠪᠠᠯ ᠪᠣᠳᠠᠲᠠᠢ ᠠᠴᠠ ᠡᠭᠦᠰᠴᠦ ᠂ ᠶᠠᠭᠠᠬᠢᠵᠤ ᠬᠢᠪᠡᠯ ᠦᠷ᠎ᠡ ᠪᠦᠲᠦᠮᠵᠢ ᠨᠡᠩ ᠰᠠᠶᠢᠨ ᠪᠣᠯ ᠲᠡᠭᠡᠵᠤ ᠬᠢᠵᠦ ᠂ ᠳᠡᠭᠡᠳᠦ | ᠳᠣᠣᠷᠠᠳᠤ ᠱᠠᠲᠤ ᠪᠠᠷ ᠢᠶᠠᠨ ᠡᠭᠡᠭᠡ ᠠᠳᠠᠯᠢ ᠪᠠᠶᠢᠬᠤ ᠠᠴᠠ ᠵᠠᠶᠢᠯᠠᠰᠬᠢᠬᠦ ᠬᠡᠷᠡᠭᠲᠡᠢ ᠃ ᠤᠯᠡᠠ ᠲᠦᠮᠡᠨ ᠤ ᠬᠦᠰᠡᠵᠦ | ᠪᠠᠶᠢᠭ᠎ᠠ ᠪᠠᠴᠢᠮ ᠱᠠᠭᠠᠷᠳᠠᠯᠭ᠎ᠠ ᠶᠢ ᠲᠣᠳᠣᠷᠬᠠᠢ ᠣᠶᠢᠯᠠᠭᠠᠵᠤ ᠂ ᠤᠯᠡᠠ ᠲᠦᠮᠡᠨ ᠤ ᠬᠠᠨᠤᠮᠵᠢ ᠦᠭᠡᠢ ᠪᠠᠶᠢᠭ᠎ᠠ | ᠵᠦᠢᠯ ᠢ ᠡᠷᠢᠨ ᠭᠠᠷᠭᠠᠵᠤ ᠂ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠂ ᠬᠡᠯᠪᠡᠷᠢᠴᠢ ᠦᠵᠡᠯ ᠢ ᠡᠷᠡᠰ | ᠴᠡᠭᠡᠷᠯᠡᠬᠦ ᠬᠡᠷᠡᠭᠲᠡᠢ ᠃ ᠢᠯᠡᠷᠡᠯ ᠨᠢ ᠦᠨᠳᠦᠰᠦᠨ ᠱᠠᠲᠤᠨ ᠳᠤ ᠪᠠᠶᠢᠪᠠᠴᠤ ᠤᠭ ᠦᠨᠳᠦᠰᠦ ᠨᠢ ᠳᠡᠭᠡᠷ᠎ᠡ ᠱᠠᠲᠤᠨ ᠳᠤ | ᠪᠠᠶᠢᠬᠤ ᠲᠡᠳᠡᠭᠡᠷ ᠠᠰᠠᠭᠤᠳᠠᠯ ᠢ ᠴᠤ ᠡᠷᠢᠨ ᠭᠠᠷᠭᠠᠵᠤ ᠂ ᠴᠠᠭ ᠲᠤᠬᠠᠢ ᠳᠤᠨᠢ ᠳᠡᠭᠡᠭᠰᠢ ᠲᠤᠰᠬᠠᠵᠤ ᠂ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠮᠵᠢ ᠬᠢᠷᠢ ᠵᠡᠷᠭᠡ ᠪᠠᠶᠢᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠢᠯᠭᠠᠨ | ᠪᠠᠶᠢᠴᠠᠭᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠭᠰᠡᠨ ᠦᠷ᠎ᠡ ᠪᠦᠲᠦᠮᠵᠢ ᠪᠠᠷ ᠰᠢᠯᠭᠠᠨ ᠪᠠᠶᠢᠴᠠᠭᠠᠬᠤ ᠬᠡᠷᠡᠭᠲᠡᠢ ᠃ | ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ | ᠬᠤᠶᠠᠷ ᠲᠠᠯ᠎ᠠ ᠪᠠᠷ ᠠᠳᠬᠤᠵᠤ ᠂ ᠬᠤᠶᠠᠷ ᠲᠠᠯ᠎ᠠ ᠶᠢ ᠦᠯᠦ ᠰᠠᠭᠠᠲᠠᠭᠠᠬᠤ ᠬᠡᠷᠡᠭᠲᠡᠢ ᠃ ᠬᠢᠩᠭᠠᠨ ᠠᠶᠢᠮᠠᠭ ᠭᠠᠵᠠᠷ | ᠰᠢᠷᠣᠢ ᠶᠢ ᠡᠵᠡᠩᠨᠡᠬᠦ ᠲᠠᠯ᠎ᠠ ᠪᠠᠷ ᠪᠦᠭᠦ ᠣᠷᠣᠨ ᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ ᠂ ᠦᠷᠭᠦᠯᠵᠢᠯᠡᠨ | ᠵᠣᠷᠢᠭᠲᠠᠢ ᠪᠠᠷ ᠰᠦᠪᠡᠭᠴᠢᠯᠡᠨ ᠦᠢᠯᠡᠳᠦᠯᠭᠡᠵᠢᠭᠦᠯᠵᠦ ᠂ ᠨᠡᠩ ᠤᠯᠠᠨ ᠰᠢᠨ᠎ᠡ ᠲᠤᠷᠰᠢᠯᠭ᠎ᠠ ᠶᠢ ᠴᠢᠷᠮᠠᠶᠢᠨ ᠡᠭᠦᠳᠬᠦ | ᠬᠡᠷᠡᠭᠲᠡᠢ ᠭᠡᠪᠡ ᠃ | | | | | | ᠰᠦᠨ ᠱᠤᠤ ᠴᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠂ ᠬᠤᠰᠢᠭᠤ | ᠪᠠᠯᠭᠠᠰᠤ ᠬᠤᠶᠠᠷ ᠱᠠᠲᠤᠨ ᠤ ︽ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ | ᠳᠠᠭᠠᠬᠤ ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠦᠷ᠎ᠡ | ᠪᠦᠲᠦᠮᠵᠢ ᠶᠢ ᠣᠶᠢᠯᠠᠭᠠᠪᠠ ᠃ ᠲᠡᠷᠡ ᠂ ᠡᠨᠡ ᠠᠵᠢᠯᠯᠠᠭ᠎ᠠ ᠶᠢ ᠥᠷᠨᠢᠭᠦᠯᠬᠦ ᠳᠤ ᠂ ᠤᠯᠠᠨ ᠲᠦᠮᠡᠨ ᠢ ᠨᠠᠮ ᠤᠨ ᠠᠴᠢ | ᠡᠨᠡᠷᠢᠯ ᠳᠤ ᠲᠠᠯᠠᠷᠬᠠᠭᠤᠯᠬᠤ ᠪᠣᠯ ᠴᠢᠬᠤᠯᠠ ᠶᠤᠮ ᠂ ᠡᠩ ᠲᠡᠷᠢᠭᠦᠨ ᠳᠤ ᠤᠯᠠᠨ ᠲᠦᠮᠡᠨ ᠳᠤ ᠨᠠᠮ ᠤᠨ ᠠᠴᠢ ᠶᠢ | ᠮᠡᠳᠡᠭᠦᠯᠬᠦ ᠬᠡᠷᠡᠭᠲᠡᠢ ᠂ ᠤᠴᠢᠷ ᠨᠢ ᠨᠠᠮ ᠤᠨ ᠠᠴᠢ ᠶᠢ ᠮᠡᠳᠡᠪᠡᠯ ᠰᠠᠶ᠋ᠢ ᠨᠠᠮ ᠤᠨ ᠠᠴᠢ ᠡᠨᠡᠷᠢᠯ ᠳᠤ ᠲᠠᠯᠠᠷᠬᠠᠨ᠎ᠠ ᠂ | ᠨᠠᠮ ᠤᠨ ᠠᠴᠢ ᠡᠨᠡᠷᠢᠯ ᠳᠤ ᠲᠠᠯᠠᠷᠬᠠᠪᠠᠯ ᠰᠠᠶ᠋ᠢ ᠦᠨᠡᠨ ᠰᠡᠳᠬᠢᠯ ᠠᠴᠠ ᠪᠠᠨ ᠨᠠᠮ ᠤᠨ ᠦᠭᠡ ᠶᠢ ᠰᠣᠨᠣᠰᠴᠤ ᠂ | ᠨᠠᠮ ᠢᠶᠠᠨ ᠲᠠᠭᠠᠬᠤ ᠶᠢ ᠪᠡᠶᠡᠯᠡᠭᠦᠯᠵᠦ ᠴᠢᠳᠠᠨ᠎ᠠ ᠃ ᠤᠯᠠᠨ ᠲᠦᠮᠡᠨ ᠤ ᠳᠡᠷᠭᠡᠳᠡᠬᠢ ᠶᠠᠪᠤᠳᠠᠯ ᠂ ᠬᠥᠮᠥᠰ ᠢ | ᠢᠲᠡᠭᠡᠭᠦᠯᠬᠦ ᠶᠣᠰᠣ ᠤᠴᠢᠷ ᠪᠣᠯᠣᠨ ᠭᠥᠯᠢᠶᠡᠨ ᠠᠪᠬᠤ ᠳᠤ ᠲᠦᠭᠦᠮ ᠭᠡᠯᠪᠡᠷᠢ ᠪᠠᠷ ᠂ ᠨᠠᠮ ᠤᠨ ᠰᠠᠶᠢᠨ ᠲᠦᠷᠦ ᠶᠢᠨ | ᠪᠣᠳᠣᠯᠭ᠎ᠠ ᠰᠠᠶᠢᠨ ᠠᠷᠭ᠎ᠠ ᠬᠡᠮᠵᠢᠶ᠎ᠡ ᠶᠢ ᠲᠣᠳᠣᠷᠬᠠᠢ ᠶᠠᠷᠢᠵᠤ ᠂ ᠪᠣᠳᠠᠲᠠᠢ ᠶᠠᠷᠢᠵᠤ ᠂ ᠤᠯᠠᠨ ᠲᠦᠮᠡᠨ ᠤ ᠰᠡᠳᠬᠢᠯ ᠤᠨ | ᠦᠭᠡ ᠶᠢ ᠶᠠᠷᠢᠬᠤ ᠬᠡᠷᠡᠭᠲᠡᠢ ᠂ ᠬᠤᠭᠤᠰᠤᠨ ᠤᠷᠢᠶ᠎ᠠ ᠬᠠᠰᠬᠢᠷᠴᠤ ᠪᠤᠯᠬᠤ ᠦᠭᠡᠢ ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ︽ ᠳᠠᠪᠠᠭᠤᠯᠢᠭ ᠢᠶᠠᠨ ᠪᠠᠳᠠᠷᠠᠭᠤᠯᠵᠤ ᠂ ᠵᠥᠷᠢᠶ᠎ᠡ ᠪᠠᠨ ᠡᠷᠢᠵᠦ ᠂ ᠬᠥᠭᠵᠢᠯᠲᠡ ᠶᠢ ᠠᠬᠢᠭᠤᠯᠬᠤ ︾ | ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠭ᠎ᠠ ᠨᠢ | ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ︽ ᠪᠢ ᠪᠤᠰᠤᠳ ᠢ ᠬᠦᠷᠬᠦ ᠦᠭᠡᠢ ︾ ᠭᠡᠬᠦ ᠦᠵᠡᠯᠲᠡ ᠶᠢ | ᠲᠠᠶᠠᠭᠳᠠᠭᠤᠯᠬᠤ ᠶᠢᠨ ᠲᠥᠯᠥᠭᠡ ᠮᠥᠷᠲᠡᠭᠡᠨ ᠪᠠᠰᠠ ᠵᠠᠷᠢᠮ ᠭᠠᠵᠠᠷ ᠣᠷᠣᠨ ᠤ ᠥᠴᠥᠬᠡᠨ ᠲᠡᠳᠦᠢ ᠠᠮᠵᠢᠯᠲᠠ | ᠪᠦᠲᠦᠮᠵᠢ ᠣᠯᠣᠮᠠᠭᠴᠠ ︽ ᠬᠥᠭᠰᠡᠵᠦ ︾ ᠡᠬᠢᠯᠡᠬᠦ ᠶᠢ ᠰᠡᠷᠭᠡᠶᠢᠯᠡᠬᠦ ᠶᠢᠨ ᠲᠥᠯᠥᠭᠡ ᠶᠤᠮ ᠃ ᠡᠯ᠎ᠡ ᠭᠠᠵᠠᠷ ᠤᠨ ᠬᠢᠨ | ᠰᠠᠨᠠᠭᠠᠴᠢᠯᠠᠭ᠎ᠠ ᠠᠴᠠ ᠪᠠᠨ ᠡᠷᠭᠢᠨ ᠲᠣᠭᠤᠷᠢᠨ ᠤ ᠭᠠᠵᠠᠷ ᠣᠷᠣᠨ ᠲᠠᠢ ᠪᠠᠨ ᠠᠳᠠᠯᠢᠳᠬᠠᠵᠤ ᠂ ᠲᠣᠰ ᠪᠡᠶ᠎ᠡ ᠶᠢᠨ | ᠳᠠᠪᠠᠭᠤᠯᠢᠭ ᠪᠣᠯᠣᠨ ᠳᠤᠲᠠᠭᠤᠳᠠᠯ ᠢᠶᠠᠨ ᠪᠦᠷ ᠡᠷᠢᠵᠦ ᠭᠠᠷᠭᠠᠨ ᠂ ᠳᠠᠪᠠᠭᠤᠯᠢᠭ ᠢᠶᠠᠨ ᠲᠣᠳᠣᠷᠬᠠᠢ ᠣᠶᠢᠯᠠᠭᠠᠬᠤ | ᠳᠤᠮᠳᠠ ᠡᠷᠴᠢ ᠵᠣᠷᠢᠭ ᠢᠶᠠᠨ ᠡᠷᠴᠢᠯᠡᠵᠦ ᠂ ᠵᠥᠷᠢᠶ᠎ᠡ ᠪᠠᠨ ᠵᠥᠪ ᠢᠶᠠᠷ ᠲᠠᠨᠢᠬᠤ ᠳᠤᠮᠳᠠ ᠬᠥᠳᠡᠯᠭᠡᠬᠦ ᠬᠦᠴᠦᠨ ᠢᠶᠠᠨ | ᠴᠢᠩᠭᠠᠳᠬᠠᠨ ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠴᠢᠷᠮᠠᠶᠢᠬᠤ ᠬᠡᠷᠡᠭᠲᠡᠢ | ᠭᠡᠵᠦ ᠬᠡᠯᠡᠪᠡ ᠃ | | | | | | ᠴᠠᠷᠠᠰᠤᠨ ᠭᠠᠴᠠᠭ᠎ᠠ ᠪᠣᠯ ᠰᠦᠨ ᠱᠤᠤ ᠴᠧᠩ ᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ | ᠪᠣᠯᠣᠨ᠎ᠠ ᠃ ᠲᠡᠷᠡ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠂ ᠭᠤᠣᠯ ᠰᠡᠳᠦᠪᠲᠦ ᠬᠥᠮᠦᠵᠢᠯ ᠂ ︽ ᠳᠥᠷᠪᠡ ᠶᠢ ᠵᠥᠪᠯᠡᠵᠦ ᠬᠤᠶᠠᠷ ᠢ ᠢᠯᠡ | ᠪᠤᠯᠭᠠᠬᠤ ︾ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠳᠥᠭᠦᠮ ᠳᠥᠲᠡ | ᠪᠥᠭᠡᠳ ᠲᠤᠰᠠᠲᠠᠢ ᠪᠠᠶᠢᠬᠤ ᠵᠠᠷᠴᠢᠮ ᠢᠶᠠᠷ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠣᠨ | ᠠᠵᠢᠯ ᠤᠨ ᠲᠣᠭᠲᠠᠴᠠ ᠶᠢ ᠰᠢᠯᠤᠭᠤᠳᠬᠠᠵᠤ ᠂ ︽ ᠫᠠᠶᠢᠰᠠ ᠢᠯᠡᠷᠬᠡᠶᠢᠯᠡᠯ ᠤᠯᠠᠨ ︾ ᠂ ︽ ᠬᠦᠰᠦᠨᠦᠭᠲᠦ ᠤᠯᠠᠨ | ᠪᠠᠶᠢᠬᠤ ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠨᠠᠮ ᠤᠨ ᠭᠡᠰᠢᠭᠦᠨ ᠺᠠᠳ᠋ᠷᠴᠤᠳ ᠤᠯᠠᠨ | ᠲᠦᠮᠡᠨ ᠳᠤ ᠦᠢᠯᠡᠴᠢᠯᠡᠬᠦ ᠳᠤᠮᠳᠠ ᠤᠯᠠᠨ ᠲᠦᠮᠡᠨ ᠢ ᠬᠥᠮᠥᠵᠢᠭᠦᠯᠬᠦ ᠂ ᠤᠯᠠᠨ ᠲᠦᠮᠡᠨ ᠢ ᠳᠠᠶᠢᠴᠢᠯᠠᠬᠤ ᠶᠢ ᠰᠤᠷᠴᠤ ᠂ | ᠤᠴᠢᠷ ᠶᠠᠪᠤᠳᠠᠯ ᠪᠠᠶᠢᠪᠠᠯ ᠵᠠᠪᠠᠯ ᠰᠢᠢᠳᠪᠦᠷᠢᠯᠡᠵᠦ ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠵᠤ ᠂ | ᠤᠯᠠᠨ ᠲᠦᠮᠡᠨ ᠤ ᠥᠪᠡᠷ ᠢᠶᠠᠨ ᠬᠢᠬᠦ ᠶᠣᠰᠣᠲᠠᠢ ᠤᠴᠢᠷ ᠶᠠᠪᠤᠳᠠᠯ ᠢ ᠤᠯᠠᠨ ᠲᠦᠮᠡᠨ ᠢ ᠬᠥᠲᠥᠯᠥᠨ ᠵᠢᠯᠤᠭᠤᠳᠴᠤ | ᠥᠪᠡᠷ ᠢᠶᠠᠷ ᠨᠢ ᠬᠢᠯᠭᠡᠬᠦ ᠬᠡᠷᠡᠭᠲᠡᠢ ᠂ ᠬᠠᠷᠢᠭᠤᠴᠠᠯᠭ᠎ᠠ ᠪᠠᠨ ᠠᠯᠳᠠᠬᠤ ᠦᠭᠡᠢ ᠪᠥᠭᠡᠳ ᠪᠠᠰᠠ ᠡᠷᠬᠡ ᠶᠢᠨ | ᠬᠡᠪᠴᠢᠶ᠎ᠡ ᠠᠴᠠ ᠳᠠᠪᠠᠭ᠋ᠤ ᠦᠭᠡᠢ ᠪᠠᠶᠢᠬᠤ ᠬᠡᠷᠡᠭᠲᠡᠢ ᠭᠡᠵᠦ ᠬᠡᠯᠡᠪᠡ ᠃ | ᠪᠠᠶᠢᠴᠠᠭᠠᠨ ᠰᠤᠳᠤᠯᠬᠤ ᠳᠤᠮᠳᠠ ᠂ ᠰᠦᠨ ᠱᠤᠤ ᠴᠧᠩ ᠪᠠᠰᠠ ᠬᠥᠳᠡᠭᠡ ᠲᠣᠰᠬᠤᠨ ᠤ ᠬᠠᠮ ᠳᠡᠯᠭᠡᠭᠦᠷ ᠂ | ᠲᠠᠷᠢᠶᠠᠴᠢᠨ ᠡᠷᠦᠭᠡ ᠳᠤ ᠬᠦᠷᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠣᠶᠢᠯᠠᠭᠠᠪᠠ ᠃ | ᠢᠦᠢ ᠯᠢ ᠰᠢᠨ ᠣᠷᠣᠯᠴᠠᠵᠠᠢ ᠃ | |