9 ᠳ᠋ᠦ᠋ᠭᠡᠷ ᠰᠠᠷ᠎ᠠ ᠶᠢᠨ 21 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠢ ᠭᠦᠸᠧ ᠶᠢᠩ ᠶᠠᠮᠤᠨ ᠤ ᠶᠠᠪᠤᠳᠠᠯ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ︽ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠬᠢᠨᠠᠨ ᠵᠥᠪᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠤᠭᠤᠬᠤ | ᠤᠰᠤᠨ ᠤ ᠠᠮᠤᠷ ᠲᠦᠪᠰᠢᠨ ᠤ ᠪᠠᠲᠤᠯᠠᠭ᠎ᠠ ᠪᠣᠯ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠪᠡᠯᠭᠡ ᠲᠡᠮᠳᠡᠭ | ᠮᠥᠨ ᠭᠡᠳᠡᠭ ᠢ ᠭᠦᠨᠵᠡᠭᠡᠶ ᠲᠠᠨᠢᠵᠤ᠂ ᠤᠰᠤᠨ ᠰᠤᠷᠪᠤᠯᠵᠢ ᠠᠴᠠ ᠤᠰᠤ ᠳᠠᠮᠵᠢᠭᠤᠯᠬᠤ ᠬᠤᠭᠤᠯᠠᠶ ᠬᠦᠷᠲᠡᠯᠡᠬᠢ | ᠪᠥᠬᠦ ᠬᠡᠯᠬᠢᠶᠡᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ | ᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ | ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ᠂ ᠬᠤᠲᠠ ᠬᠥᠳᠡᠭᠡ ᠶᠢᠨ ᠤᠰᠤ | ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ ᠢᠨᠵᠧᠨᠧᠷᠢᠩ | ᠤᠨ ᠪᠥᠲᠥᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ᠂ ᠬᠤᠲᠠ ᠬᠥᠳᠡᠭᠡ ᠶᠢᠨ ᠤᠰᠤ ᠬᠠᠩᠭᠠᠬᠤ ᠶᠢ | ᠠᠳᠠᠯᠢ ᠡᠬᠢ ᠲᠠᠢ᠂ ᠠᠳᠠᠯᠢ ᠲᠣᠤᠷ ᠲᠠᠢ᠂ ᠠᠳᠠᠯᠢ ᠶᠠᠰᠤ ᠴᠢᠨᠠᠷ ᠲᠠᠢ᠂ ᠠᠳᠠᠯᠢ ᠦᠶᠯᠡᠴᠢᠯᠡᠭᠡ ᠲᠠᠢ᠂ ᠠᠳᠠᠯᠢ | ᠬᠢᠨᠠᠨ ᠬᠠᠮᠢᠶᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠬᠦ ᠬᠡᠷᠡᠭᠲᠡᠶ᠃ ᠲᠥᠪᠯᠡᠷᠡᠭᠦᠯᠦᠨ ᠤᠰᠤ ᠬᠠᠩᠭᠠᠬᠤ | ᠬᠤᠭᠤᠯᠠᠶ ᠲᠣᠤᠷ ᠢᠶᠠᠷ ᠪᠦᠷᠬᠦᠭᠦᠯᠬᠦ ᠳᠤ ᠬᠦᠴᠢᠷᠲᠡᠶ ᠭᠠᠵᠠᠷ ᠣᠷᠣᠨ ᠳᠤ ᠵᠢᠵᠢᠭ ᠬᠡᠯᠪᠡᠷᠢ ᠶᠢᠨ ᠤᠰᠤ ᠬᠠᠩᠭᠠᠬᠤ | ᠢᠨᠵᠧᠨᠧᠷᠢᠩ ᠢ ᠵᠢᠷᠤᠮᠵᠢᠭᠤᠯᠤᠨ ᠪᠠᠶᠢᠭᠤᠯᠬᠤ ᠶᠢᠨ ᠬᠠᠮᠲᠤ᠂ ᠵᠢᠷᠤᠮᠵᠢᠭᠤᠯᠤᠨ ᠬᠠᠮᠢᠶᠠᠷᠬᠤ ᠪᠠ ᠦᠶᠯᠡᠴᠢᠯᠡᠬᠦ | ᠲᠣᠭᠲᠠᠴᠠ ᠶᠢ ᠪᠦᠷᠬᠦᠭᠦᠯᠦᠨ᠎ᠡ᠃ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ | ᠪᠠᠷᠢᠮᠵᠢᠶᠠᠵᠢᠭᠰᠠᠨ᠂ ᠵᠢᠷᠤᠮᠵᠢᠭᠰᠠᠨ᠂ ᠲᠤᠰᠬᠠᠶᠢᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ | ᠬᠠᠷᠢᠭᠤᠴᠠᠯᠭ᠎ᠠ ᠪᠣᠯᠤᠨ ᠲᠦᠷᠢᠮ ᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠤᠨ ᠰᠢᠶᠠᠨ ᠤ ᠬᠡᠪᠴᠢᠶᠡᠨ ᠤ ᠨᠢᠭᠡᠳᠦᠯᠲᠡᠶ ᠬᠠᠮᠢᠶᠠᠷᠤᠯᠲᠠ᠂ ᠨᠢᠭᠡᠳᠦᠯᠲᠡᠶ ᠠᠵᠢᠯᠯᠠᠭᠤᠯᠵᠤ | ᠬᠠᠮᠠᠭᠠᠯᠠᠬᠤ᠂ ᠨᠢᠭᠡᠳᠦᠯᠲᠡᠶ ᠦᠶᠯᠡᠴᠢᠯᠡᠬᠦ ᠶᠢ ᠠᠬᠢᠭᠤᠯᠵᠤ᠂ ᠤᠰᠤᠨ ᠤ ᠴᠢᠨᠠᠷ ᠢ ᠪᠠᠶᠢᠴᠠᠭᠠᠨ ᠬᠡᠮᠵᠢᠵᠦ ᠬᠢᠨᠠᠨ | ᠬᠡᠮᠵᠢᠬᠦ ᠶᠢ ᠴᠢᠩᠭᠠᠳᠬᠠᠵᠤ᠂ ᠦᠷ᠎ᠡ ᠪᠦᠲᠦᠮᠵᠢ ᠪᠣᠯᠤᠨ ᠡᠷᠬᠡ ᠲᠡᠭᠰᠢ ᠶᠢ ᠬᠠᠮᠲᠤ ᠳᠤᠨᠢ ᠬᠠᠷᠠᠭᠠᠯᠵᠠᠵᠤ᠂ ᠤᠰᠤᠨ | ᠤ ᠦᠨ᠎ᠡ ᠶᠢᠨ ᠪᠦᠷᠢᠯᠳᠦᠯ ᠪᠣᠯᠤᠨ ᠤᠰᠤᠨ ᠤ ᠰᠦᠶᠳᠬᠡᠯ ᠢ ᠬᠤᠷᠢᠶᠠᠵᠤ ᠲᠤᠰᠢᠶᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠠᠬᠢᠭᠤᠯᠵᠤ᠂ ᠢᠨᠵᠧᠨᠧᠷᠢᠩ ᠤᠨ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠵᠤ᠂ ᠬᠥᠳᠡᠭᠡ ᠲᠣᠰᠬᠤᠨ ᠤ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ | ᠬᠡᠷᠡᠭᠲᠡᠶ ᠭᠡᠵᠡᠢ᠃ | |