ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠤᠰᠤᠨ ᠠᠰᠢᠭᠯᠠᠯᠲᠠ ᠶᠢᠨ ᠲᠢᠩᠬᠢᠮ ᠤᠨ ᠪᠠᠲᠤ ᠴᠢᠩᠭ᠎ᠠ ᠪᠠᠬᠢᠯᠡᠯᠲᠡ ᠶᠢᠨ  ︽ᠵᠢᠱᠢᠶᠡᠴᠢ︾ ᠨᠠᠮ ᠤᠨ ᠡᠭᠦᠷ  ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/22
  9 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠶ ᠬᠤᠶ ᠵᠢᠶᠦ᠋ᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠢᠤᠸᠠᠢ ᠷᠦᠸᠧ ᠸᠧᠢ ᠨᠠᠷ ᠤᠰᠤᠨ ᠠᠰᠢᠭᠯᠠᠯᠲᠠ ᠶᠢᠨ ᠲᠢᠩᠬᠢᠮ ᠤᠨ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠢᠭᠡᠳᠦᠭᠡᠷ ᠳᠡᠳ᠋ ᠱᠦᠵᠢ ᠫᠧᠩ ᠶᠠ ᠯᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠰᠢᠭᠤᠳ ᠭᠤᠣᠯ ᠰᠡᠳᠦᠪ ᠲᠤ ᠬᠦᠷᠴᠦ᠂ ᠡᠮᠦᠨ᠎ᠡ ᠹᠷᠣᠨᠲ ᠲᠤ ᠭᠦᠨᠵᠡᠭᠡᠶᠢᠷᠡᠨ᠂ ᠪᠠᠶᠢᠳᠠᠯ ᠢ ᠬᠠᠮᠲᠤᠷᠠᠨ ᠣᠨᠣᠰᠢᠯᠠᠵᠤ᠂ ᠠᠷᠭ᠎ᠠ ᠤᠬᠠᠭᠠᠨ ᠭᠠᠷᠭᠠᠨ ᠥᠭᠴᠦ᠂ ᠥᠪᠡᠷᠲᠡᠭᠡᠨ ᠵᠠᠰᠠᠬᠤ ᠣᠷᠣᠨ ᠤ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠰᠢᠯᠭ᠎ᠠ ᠶᠢᠨ ᠠᠮᠠᠰᠠᠷ  ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠰᠠᠭᠤᠷᠢᠨ ᠢ ᠪᠣᠳᠠᠲᠠᠢ ᠭᠠᠵᠠᠷ ᠲᠤᠨᠢ ᠪᠠᠶᠢᠴᠠᠭᠠᠵᠤ᠂ ᠨᠠᠮ ᠤᠨ ᠪᠠᠶᠢᠭᠤᠯᠤᠯᠲᠠ ᠪᠠᠷ ᠰᠠᠭᠤᠷᠢᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ  ᠤ ᠰᠤᠳᠤᠯᠭᠠᠨ ᠤ ᠲᠤᠷᠰᠢᠯᠲᠠ ᠶᠢᠨ ᠠᠯᠪᠠᠯᠠᠬᠤ ᠲᠣᠭᠤᠷᠢᠭ ᠢ ᠰᠡᠯᠪᠢᠨ ᠵᠠᠰᠠᠬᠤ᠂ ᠡᠯ᠎ᠡ ᠲᠦᠷᠦᠯ ᠤᠨ ᠲᠤᠷᠰᠢᠯᠲᠠ  ᠶᠢᠨ ᠵᠢᠱᠢᠶ᠎ᠡ ᠦᠵᠡᠭᠦᠯᠬᠦ ᠣᠷᠣᠨ ᠤ ᠦᠷ᠎ᠡ ᠪᠦᠲᠦᠮᠵᠢ ᠵᠢᠴᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠡᠷᠡᠭᠯᠡᠯᠲᠡ ᠶᠢᠨ ᠨᠡᠶᠢᠭᠡᠮ ᠤᠨ ᠦᠢᠯᠡᠳᠦᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠠᠭᠤᠷᠢᠨ ᠤ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠬᠦ  ᠶᠢᠨ ᠳᠠᠭᠠᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠤᠰᠤᠨ ᠠᠰᠢᠭᠯᠠᠯᠲᠠ ᠶᠢᠨ ᠲᠢᠩᠬᠢᠮ ᠢ ᠡᠭᠦᠳᠦᠨ ᠪᠠᠶᠢᠭᠤᠯᠬᠤ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠤᠰᠤᠨ ᠠᠰᠢᠭᠯᠠᠯᠲᠠ  ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠤᠨ ᠤᠨᠴᠠᠯᠢᠬᠳᠤ ᠲᠦᠷᠦᠯ ᠲᠡᠮᠳᠡᠭ ᠢ ᠡᠭᠦᠳᠦᠨ ᠪᠠᠶᠢᠭᠤᠯᠤᠭᠰᠠᠨ ᠬᠠᠷᠢᠭᠤ ᠮᠡᠳᠡᠭᠦᠯᠦᠯᠲᠡ ᠶᠢᠨ ᠦᠵᠡᠭᠦᠯᠭᠡ ᠶᠢ ᠰᠣᠨᠢᠷᠬᠠᠪᠠ᠂ ᠪᠦᠬᠦᠨ ᠢ ᠬᠠᠮᠤᠷᠤᠭᠰᠠᠨ ᠪᠦᠲᠦᠭᠡᠨ ᠪᠠᠶᠢᠭᠤᠯᠤᠯᠲᠠ ᠶᠢᠨ ᠪᠠᠬᠢᠯᠡᠯᠲᠡ ᠶᠢᠨ ᠨᠠᠮ ᠤᠨ ᠡᠭᠦᠷ ᠢ ᠭᠦᠨᠵᠡᠭᠡᠶ ᠰᠤᠳᠤᠯᠤᠨ ᠶᠠᠷᠢᠯᠴᠠᠵᠤ ᠰᠣᠯᠢᠯᠴᠠᠪᠠ᠂ ᠪᠦᠬᠦ ᠬᠦᠷᠢᠶᠡᠨ ᠳᠤ ᠪᠠᠲᠤ ᠪᠠᠬᠢ ᠪᠠᠬᠢᠯᠡᠯᠲᠡ ᠶᠢ ᠡᠭᠦᠳᠦᠨ ᠪᠠᠶᠢᠭᠤᠯᠤᠨ᠎ᠠ᠂ ᠪᠦᠬᠦ ᠡᠯᠧᠮᠧᠨ᠋ᠲ ᠢᠶᠠᠷ ᠪᠠᠲᠤ ᠴᠢᠩᠭ᠎ᠠ ᠪᠠᠬᠢᠯᠡᠯᠲᠡ ︽ᠵᠢᠱᠢᠶᠡᠴᠢ︾ ᠨᠠᠮ ᠤᠨ ᠡᠭᠦᠷ ᠤᠨ ᠠᠷᠭ᠎ᠠ ᠵᠠᠮ ᠢ ᠴᠣᠭᠴᠠᠯᠠᠨ᠎ᠠ᠂ ᠪᠠᠷᠢᠮᠵᠢᠶ᠎ᠠ ᠱᠠᠭᠠᠷᠳᠠᠯᠭ᠎ᠠ᠂ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠵᠡᠷᠭᠡ ᠠᠵᠢᠯ ᠤᠨ ᠲᠤᠷᠰᠢᠯᠭ᠎ᠠ ᠪᠠᠨ ᠰᠣᠯᠢᠯᠴᠠᠬᠤ᠂ ᠮᠦᠷᠭᠦᠯᠳᠦᠯ ᠰᠡᠳᠭᠢᠮᠵᠢ ᠠᠷᠭ᠎ᠠ ᠬᠡᠮᠵᠢᠶ᠎ᠡ ᠪᠠᠨ ᠰᠤᠯᠢᠯᠴᠠᠵᠤ᠂ ᠡᠭᠦᠳᠦᠨ ᠪᠠᠶᠢᠭᠤᠯᠬᠤ ᠠᠷᠭ᠎ᠠ ᠵᠠᠮ ᠢ ᠲᠤᠭᠲᠠᠭᠠᠪᠠ᠃  ᠬᠥᠷᠥᠰᠥ ᠰᠢᠷᠣᠶ ᠶᠢ ᠬᠠᠮᠠᠭᠠᠯᠠᠬᠤ ᠠᠮᠢᠳᠤ ᠪᠣᠳᠠᠰ ᠤᠨ ᠮᠡᠷᠭᠡᠵᠢᠯ ᠤᠨ ᠨᠡᠭᠡᠭᠡᠯᠲᠡ ᠶᠢᠨ ᠲᠥᠪ ᠤᠨ ᠨᠠᠮ ᠤᠨ ᠡᠭᠦᠷ ᠤᠨ ᠡᠭᠦᠳᠦᠨ ᠪᠠᠶᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠪᠠᠶᠢᠴᠠᠭᠠᠨ ᠰᠤᠳᠤᠯᠤᠭᠰᠠᠨ ᠢᠶᠠᠷ ᠬᠡᠷᠡᠭ ᠤᠨ ᠵᠢᠱᠢᠶ᠎ᠡ ᠪᠣᠯᠭᠠᠨ᠎ᠠ᠂ ᠪᠢᠯᠵᠤᠤᠬᠠᠶ ᠲᠤᠶᠠᠴᠢᠬᠤ ᠮᠠᠶ᠋ᠢᠭ ᠤᠨ ᠪᠠᠶᠢᠴᠠᠭᠠᠯᠲᠠ ᠵᠠᠳᠠᠯᠤᠯᠲᠠ ᠪᠠ ᠭᠦᠨᠵᠡᠭᠡᠶ ᠰᠤᠳᠤᠯᠤᠯᠲᠠ ᠬᠢᠨ᠎ᠡ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯ᠎ᠡ ᠨᠠᠮ ᠤᠨ ᠡᠭᠦᠷ ︽ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠤᠨ ᠤᠨᠴᠠᠯᠢᠬᠳᠤ ᠲᠦᠷᠦᠯ ᠲᠡᠮᠳᠡᠭ ᠢ ᠡᠭᠦᠳᠬᠦ ᠪᠠᠷ ᠬᠥᠲᠥᠯᠦᠮᠵᠢ ᠪᠣᠯᠭᠠᠬᠤ ᠶᠢ ᠲᠣᠳᠣᠷᠬᠠᠶᠢᠯᠠᠪᠠ᠂ ᠲᠤᠰ ᠪᠡᠶ᠎ᠡ ᠶᠢᠨ ︽ᠡᠭᠦᠳᠦᠯᠲᠡ︾ ᠶᠢᠨ ᠪᠡᠶᠡᠴᠢ ᠴᠢᠳᠠᠮᠠᠭᠠᠢ ᠴᠢᠨᠠᠷ ᠢ ᠭᠦᠢᠴᠡᠳ ᠪᠠᠳᠠᠷᠠᠭᠤᠯᠤᠨ᠎ᠠ᠂ ᠨᠠᠮ ᠤᠨ ᠡᠭᠦᠷ ᠢ ᠲᠣᠭᠲᠠᠭᠠᠵᠤ ᠨᠠᠷᠠᠲᠤ ᠲᠡᠮᠳᠡᠭᠲᠦ ᠡᠭᠦᠳᠦᠨ᠎ᠡ᠂ ᠨᠡᠷᠡᠲᠦ ᠲᠡᠮᠳᠡᠭᠲᠦ ᠶᠢᠨ ᠴᠢᠳᠠᠮᠵᠢ ᠶᠢᠨ ᠬᠠᠷᠠᠯᠲᠠ ᠲᠣᠬᠢᠷᠠᠭᠤᠯᠬᠤ᠂ ᠡᠭᠦᠳᠦᠨ ᠪᠠᠶᠢᠭᠤᠯᠬᠤ ᠦᠨᠳᠦᠰᠦᠨ ᠪᠠᠷᠢᠮᠵᠢᠶ᠎ᠠ ᠶᠢ ᠲᠣᠭᠲᠠᠭᠠᠨ᠎ᠠ᠂ ᠭᠤᠤᠯ ᠡᠭᠦᠳᠦᠨ ᠪᠠᠶᠢᠭᠤᠯᠬᠤ ᠬᠡᠯᠪᠡᠷᠢ ᠶᠢ ᠲᠣᠳᠣᠷᠬᠠᠶᠢᠯᠠᠬᠤ᠂ ᠪᠣᠳᠠᠲᠠᠶ ᠡᠭᠦᠳᠦᠨ ᠪᠠᠶᠢᠭᠤᠯᠬᠤ ᠠᠵᠢᠯᠯᠠᠭ᠎ᠠ ᠵᠡᠷᠭᠡ ᠲᠠᠯ᠎ᠠ ᠶᠢᠨ ᠲᠥᠯᠥᠪᠵᠢᠭᠦᠯᠦᠨ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠶᠢ ᠪᠣᠳᠠᠲᠠᠶᠢᠵᠢᠭᠤᠯᠤᠨ᠎ᠠ᠂ ᠪᠣᠳᠠᠲᠠᠶ ᠠᠷᠭ᠎ᠠ ᠪᠠᠷᠢᠯ ᠪᠠ ᠠᠷᠭ᠎ᠠ ᠪᠠᠷᠢᠯ ᠠᠯᠬᠤᠮ ᠳᠠᠷᠠᠭ᠎ᠠ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠶᠢᠨ ᠠᠵᠤ ᠠᠬᠤᠶ ᠶᠢᠨ ᠬᠥᠭᠵᠢᠯᠲᠡ ᠶᠢ ᠪᠠᠲᠤᠯᠠᠬᠤ ᠰᠤᠳᠤᠯᠤᠨ ᠨᠡᠭᠡᠭᠡᠬᠦ ᠴᠢᠳᠠᠮᠵᠢ ᠪᠣᠯᠤᠨ ᠠᠷᠠᠳ ᠣᠯᠠᠨ ᠳᠤ ᠦᠶᠯᠡᠴᠢᠯᠡᠬᠦ ᠨᠡᠶᠢᠭᠡᠮ ᠤᠨ ᠦᠶᠯᠡᠳᠦᠯ᠂ ᠤᠰᠤᠨ ᠠᠰᠢᠭᠯᠠᠯᠲᠠ ᠶᠢᠨ ᠲᠢᠩᠬᠢᠮ ᠤᠨ ᠪᠠᠲᠤ ᠴᠢᠩᠭ᠎ᠠ ᠪᠠᠬᠢᠯᠡᠯᠲᠡ ᠪᠣᠯᠬᠤ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ  ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠪᠡ᠃  ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠤᠷᠢᠳᠬᠤ ᠪᠠᠭ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ︵ ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号