ᠵᠧᠦ ᠴᠢᠶᠠᠩ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠵᠦ ᠷᠤᠸᠠᠨ ᠴᠧᠩ ᠹᠠ ᠣᠷᠣᠯᠴᠠᠪᠠ
ᠨᠡᠶᠢᠲᠡᠯᠡᠭᠰᠡᠨ ᠴᠠᠭ᠄
2023/9/23
  9 ᠳ᠋ᠦ᠋ᠭᠡᠷ ᠰᠠᠷ᠎ᠠ ᠶᠢᠨ 18 ᠠᠴᠠ 22 ᠤᠨ ᠡᠳᠦᠷ ᠪᠣᠯᠲᠠᠯ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠦ ᠴᠢᠶᠠᠩ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠲᠦᠷᠢᠮ ᠤᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ︽ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ︾ ᠲᠤᠬᠠᠶ ᠮᠠᠨ ᠤ ᠣᠷᠣᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠶᠠᠷᠢᠯᠴᠠᠬᠤ ᠬᠤᠷᠠᠯ ᠬᠤᠷᠠᠯᠳᠤᠭᠤᠯᠵᠤ ᠬᠠᠮᠢᠶ᠎ᠠ ᠪᠥᠬᠦᠶ ᠪᠠᠶᠢᠳᠠᠯ ᠤᠨ ᠲᠠᠨᠢᠯᠴᠠᠭᠤᠯᠭ᠎ᠠ ᠪᠠ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠰᠠᠨᠠᠯ ᠢᠶᠠᠨ ᠰᠣᠯᠢᠯᠴᠠᠪᠠ᠃  ᠥᠪᠥᠷ ᠮᠣᠩᠭᠤᠯ ᠳᠤ ᠪᠠᠶᠢᠬᠤ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠠᠶᠠᠨᠨᠠᠭᠤᠷ᠂ ᠪᠤᠭᠤᠲᠤ᠂ ᠬᠥᠬᠡᠬᠤᠲᠠ᠂ ᠤᠯᠠᠭᠠᠨᠴᠠᠪ ᠵᠡᠷᠭᠡ ᠭᠠᠵᠠᠷ ᠲᠤ ᠬᠦᠷᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠠᠰᠠᠭ ᠵᠠᠬᠢᠷᠭᠠᠨ ᠤ ᠨᠢᠭᠡᠴᠢ᠂ ᠬᠠᠤᠯᠢ ᠴᠠᠭᠠᠵᠠ ᠶᠢᠨ ᠪᠠᠶᠢᠭᠤᠯᠭ᠎ᠠ᠂ ᠶᠡᠭᠡ ᠳᠡᠭᠡᠳᠦ ᠰᠤᠷᠭᠠᠭᠤᠯᠢ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠪᠠ᠃  ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ᠂ ᠵᠧᠦ ᠴᠢᠶᠠᠩ ᠵᠢᠭᠠᠵᠤ ᠭᠠᠷᠭᠠᠭᠰᠠᠨ ᠨᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠠᠥᠯᠢ ᠪᠠᠷ ᠵᠠᠰᠠᠬᠤ ᠵᠠᠮ ᠳᠤ ᠣᠷᠣᠭᠤᠯᠵᠤ᠂ ᠬᠠᠥᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠬᠠᠥᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠰᠢᠨ᠎ᠡ ᠲᠤᠷᠰᠢᠯᠭ᠎ᠠ ᠬᠤᠷᠠᠮᠳᠤᠭᠤᠯᠪᠠ᠃  ᠵᠧᠦ ᠴᠢᠶᠠᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠮᠤᠭ ᠤᠨ ᠴᠢᠩᠭ᠎ᠠ ᠳᠦᠷᠢᠮ ᠬᠠᠮᠤᠭ ᠤᠨ ᠴᠢᠩᠭ᠎ᠠ ᠬᠠᠥᠯᠢ ᠪᠠᠷ ᠵᠠᠰᠠᠬᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠤᠯᠢ ᠪᠠᠷᠢᠬᠤ ᠵᠠᠰᠠᠭ ᠵᠠᠬᠢᠷᠭᠠᠨ ᠤ ᠵᠣᠯᠭᠠᠯᠳᠤᠭᠤᠯᠬᠤ ᠲᠣᠭᠲᠠᠴᠠ ᠶᠢ ᠪᠦᠷᠢᠨᠰᠢᠬᠦᠯᠵᠤ᠂ ᠬᠠᠮᠢᠶᠠᠷᠤᠯᠲᠠ ᠶᠢᠨ ᠵᠠᠭᠪᠤᠷ ᠤᠨ ᠬᠠᠤᠯᠢ ᠪᠠᠷ ᠵᠠᠰᠠᠬᠤ᠂ ᠵᠢᠷᠤᠮᠵᠢᠭᠤᠯᠬᠤ᠂ ᠮᠡᠳᠡᠭᠡ ᠵᠠᠩᠭᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠦᠴᠦᠨ ᠤ ᠪᠠᠶᠢᠭᠤᠯᠤᠯᠲᠠ  ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠴᠢᠳᠠᠪᠤᠷᠢ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠤᠷᠢ ᠶᠢᠨ ᠦᠢᠯᠡᠳᠦᠯ  ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠬᠠᠤᠯᠢ  ᠪᠠᠷ ᠵᠠᠰᠠᠬᠤ ᠠᠷᠭ᠎ᠠ ᠮᠠᠶ᠋ᠢᠭ ᠢᠶᠠᠷ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃  ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠨᠡᠶᠢᠭᠡᠮ ᠪᠠ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠷᠤᠸᠠᠨ ᠴᠧᠩ ᠹᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠶᠢᠨ ᠬᠤᠩ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠦ ᠰᠢ᠂ ᠵᠠᠶ ᠴᠢᠩ᠂ ᠫᠠᠨ ᠪᠢ ᠯᠢᠩ᠂ ᠬᠥᠩ ᠹᠦ᠋ ᠸᠧᠨ᠂ ᠼᠦᠢ ᠯᠢ ᠵᠢᠤᠸᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠦ ᠶᠠᠷᠢᠯᠴᠠᠬᠤ ᠬᠤᠷᠠᠯ ᠳᠤ ᠣᠷᠣᠯᠴᠠᠵᠤ ᠮᠠᠨ ᠤ ᠣᠷᠣᠨ ᠤ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号