ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠰᠦᠨ ᠱᠣᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/9/23
  9 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃  ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ  ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠦᠯ ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠᠷ ᠭᠤᠣᠯ ᠰᠢᠪᠲᠤᠯᠬᠤ ᠴᠢᠭᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠨᠡᠩ ᠰᠠᠶᠢᠨ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠬᠡᠷᠡᠭᠵᠢᠭᠦᠯᠬᠦ ᠲᠥᠰᠦᠯ ᠢ ᠱᠠᠯᠠᠪᠳᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠪᠣᠳᠠᠲᠠᠢ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ ᠭᠡᠵᠡᠢ᠃  ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠤᠯᠤᠰ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠯᠪᠠᠨ ᠲᠢᠩᠬᠢᠮ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠪᠥᠬᠦ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠲᠦ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠳᠡᠭᠡᠷ᠎ᠡ ᠦᠨᠡᠨ ᠬᠦ ᠰᠠᠶᠢᠨ ᠥᠯᠢᠭᠡᠷ ᠳᠠᠭᠤᠷᠢᠶᠠᠯ ᠪᠣᠯᠵᠣ᠂ ᠵᠢᠱᠢᠶ᠎ᠡ ᠦᠵᠡᠭᠦᠯᠬᠦ ᠬᠡᠷᠡᠭᠲᠡᠶ᠃ ᠰᠠᠶᠢᠨ ᠵᠥᠪᠯᠡᠭᠴᠢ ᠲᠤᠰᠠᠯᠠᠭᠴᠢ ᠪᠣᠯᠬᠤ ᠪᠠᠷ ᠴᠢᠷᠮᠠᠶᠢᠵᠤ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠢᠯᠡᠭᠦᠬᠡᠨ ᠰᠠᠶᠢᠨ ᠠᠷᠭ᠎ᠠ ᠤᠬᠠᠭᠠᠨ ᠭᠠᠷᠭᠠᠵᠤ᠂ ᠢᠯᠡᠭᠦᠬᠡᠨ ᠰᠠᠶᠢᠨ ᠰᠠᠨᠠᠭᠤᠯᠭ᠎ᠠ ᠳᠤᠷᠠᠳᠴᠤ᠂ ᠶᠡᠭᠡ ᠬᠦᠴᠦ ᠣᠷᠣᠭᠤᠯᠤᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠵᠦ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ︾ ᠶᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃  ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠣᠳᠠᠲᠠᠶ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ᠂ ᠪᠣᠭᠤᠮᠲᠠ ᠶᠢᠨ ᠠᠵᠢᠯ ᠢ ᠳᠡᠮᠵᠢᠬᠦ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠨᠡᠮᠡᠭᠳᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠬᠤ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠳᠤᠮᠳᠠᠳᠤ ᠠᠮᠧᠷᠢᠺᠠ ᠶᠢᠨ ᠠᠷᠠᠳ ᠤᠨ ᠬᠤᠭᠤᠷᠣᠨᠳᠣᠬᠢ ᠶᠠᠪᠤᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠠᠶ᠃  ᠬᠤᠷᠠᠯ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ﹀ ᠶᠢ ᠬᠡᠷᠡᠭᠵᠢᠭᠦᠯᠦᠭᠰᠡᠨ ᠳᠤᠮᠳᠠ ᠬᠤᠭᠤᠴᠠᠭᠠᠨ ᠤ ᠦᠨᠡᠯᠡᠯᠲᠡ  ᠶᠢᠨ ᠮᠡᠳᠡᠭᠦᠯᠦᠯᠲᠡ︾ ᠶᠢ ᠬᠢᠨᠠᠨ ᠵᠥᠪᠯᠡᠪᠡ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号