ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠥ ᠶᠡᠷᠦᠩᠬᠡᠢ ᠱᠦᠵᠢ ᠰᠢ ᠶᠢᠨ ᠫᠢᠩ ᠤᠨ ᠰᠢᠨ᠋᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠋᠎ᠠ ᠶᠢ ᠰᠤᠷᠤᠯᠴᠠᠨ ᠲᠤᠭᠤᠰᠢᠯᠠᠭᠤᠯᠪᠠ  ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/9/23
  9 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠋᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠋᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠦᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ᠃  ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠋᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠋᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠪᠣᠳᠠᠲᠠᠶ ᠲᠥᠷᠥᠯ ᠵᠦᠶᠯ ᠢ ᠰᠠᠶᠢᠲᠤᠷ ᠲᠥᠯᠥᠪᠵᠢᠭᠦᠯᠵᠦ᠂ ᠠᠵᠢᠯ ᠤᠨ ᠠᠷᠭ᠋᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢᠶᠠᠷ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃  ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠪᠠ ᠰᠢᠨ᠋᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠋᠎ᠠ ᠶᠢᠨ ᠬᠡᠷᠡᠭᠵᠢᠭᠦᠯᠬᠦ ᠲᠥᠰᠦᠯ ᠢ ᠬᠢᠨᠠᠨ  ᠵᠥᠪᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠨᠠᠷᠢᠯᠢᠭ ᠪᠠᠶᠢᠷᠢᠰᠢᠭᠤᠯᠵᠤ᠂ ᠲᠠᠷᠢᠶᠠᠯᠠᠩ ᠭᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦᠯᠬᠦ᠂ ᠣᠶ ᠰᠢᠭᠤᠶ ᠭᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦᠯᠬᠦ᠂ ᠮᠠᠯ ᠠᠵᠤ ᠠᠬᠤᠶ ᠭᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦᠯᠬᠦ ᠲᠠᠯ᠎ᠠ ᠪᠠᠷ ᠨᠠᠩ ᠣᠯᠠᠨ ᠰᠢᠨ᠋᠎ᠡ ᠵᠠᠭᠪᠤᠷ ᠢ ᠬᠠᠶᠢᠨ ᠰᠦᠪᠡᠭᠴᠢᠯᠡᠵᠦ ᠳ᠋ᠦᠩᠨᠡᠬᠦ ᠬᠡᠷᠡᠭᠲᠡᠶ᠃ ᠰᠢᠨ᠋᠎ᠡ ᠡᠨᠧᠷᠭᠢ ᠶᠢᠨ ᠴᠠᠬᠢᠯᠭᠠᠨ ᠬᠦᠴᠦᠨ ᠢ ᠠᠰᠢᠬᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡᠨ ᠤ ᠪᠠᠶᠢᠳᠠᠯ ᠤᠨ ᠪᠠᠶᠢᠷᠢᠰᠢᠭᠤᠯᠤᠯᠲᠠ ᠶᠢ ᠰᠠᠶᠢᠲᠤᠷ ᠲᠥᠯᠥᠪᠵᠢᠭᠦᠯᠵᠦ᠂ ᠨᠠᠷᠠᠨ ᠤ ᠡᠨᠧᠷᠬᠢ ᠶᠢ ᠲᠠᠶᠠᠬᠳᠠᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠴᠠᠬᠢᠯᠭᠠᠨ ᠲᠣᠣᠷ ᠪᠣᠯᠤᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠋᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠋᠎ᠡ ᠬᠡᠯᠪᠡᠷᠢ  ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ᠂ ᠨᠢᠭᠡ ᠲᠠᠯ᠎ᠠ ᠪᠠᠷ ᠰᠢᠨ᠋᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠠᠳᠬᠤᠵᠤ᠂ ᠨᠦᠬᠦᠭᠡ ᠲᠠᠯ᠎ᠠ ᠪᠠᠷ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠠᠳᠬᠤᠵᠤ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠬᠦᠴᠦᠷᠬᠡᠭᠵᠢᠭᠦᠯᠬᠦ ᠬᠡᠯᠬᠢᠶ᠎ᠡ ᠶᠢ ᠨᠥᠬᠦᠪᠥᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠥ ᠤᠨᠴᠠᠭᠠᠶᠢᠯᠠᠨ ᠴᠢᠬᠤᠯᠠᠴᠢᠯᠠᠪᠠ᠃  ᠬᠤᠷᠠᠯ ᠠᠴᠠ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠤᠬᠴᠠᠵᠢᠬᠰᠠᠨ ᠬᠥᠭᠵᠢᠯᠲᠡ ᠶᠢ ᠠᠬᠢᠭᠤᠯᠬᠤ ᠠᠷᠭ᠋᠎ᠠ ᠬᠡᠮᠵᠢᠶ᠎ᠡ ᠨᠦᠭᠦᠳ ᠢ ᠰᠤᠳᠤᠯᠵᠤ᠂ ᠨᠢᠭᠡ ᠳᠤ᠂ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠋᠎ᠠ ᠶᠢᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠋᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠋᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠨᠠᠷᠢᠨ ᠨᠢᠮᠪᠠᠶ ᠲᠥᠯᠥᠪᠵᠢᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠰᠠᠭᠤᠷᠢ ᠲᠥᠬᠦᠭᠡᠷᠦᠮᠵᠢ᠂ ᠠᠵᠤ ᠦᠶᠯᠡᠰ ᠤᠨ ᠪᠦᠯᠦᠭᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠋᠎ᠡ ᠶᠢ ᠡᠭᠦᠳᠬᠦ᠂ ᠭᠠᠳᠠᠭᠠᠳᠤ ᠨᠡᠭᠡᠭᠡᠯᠲᠡ ᠵᠡᠷᠭᠡ ᠲᠠᠯ᠎ᠠ ᠶᠢᠨ ᠨᠢᠭᠡ ᠴᠣᠭᠴᠠᠵᠢᠯᠲᠠ ᠶᠢ ᠬᠡᠷᠬᠢᠨ ᠪᠡᠶᠡᠯᠡᠭᠦᠯᠬᠦ ᠲᠤᠬᠠᠶ ᠵᠦᠶᠯ ᠳᠠᠷᠠᠭᠠᠯᠠᠨ ᠰᠤᠳᠤᠯᠬᠤ ᠬᠡᠷᠡᠭᠲᠡᠶ᠃ ᠭᠤᠷᠪᠠ ᠳᠤ᠂ ᠵᠣᠷᠢᠭᠲᠠᠶ ᠪᠠᠷ ᠰᠢᠨ᠋᠎ᠡ ᠶᠢ ᠡᠭᠦᠳᠴᠦ᠂ ᠵᠤᠷᠰᠢᠯ ᠢ ᠡᠪᠳᠡᠵᠦ᠂ ᠠᠶᠢᠮᠠᠭ ᠬᠤᠲᠠ ᠪᠠ ᠲᠢᠩᠬᠢᠮ ᠲᠣᠪᠴᠢᠶ᠎ᠠ ᠴᠥᠮ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠡᠷᠦ ᠪᠤᠰᠤ ᠶᠢᠨ ᠠᠷᠭ᠋᠎ᠠ ᠬᠡᠮᠵᠢᠶ᠎ᠡ ᠶᠢ ᠳᠤᠷᠠᠳᠬᠤ ᠬᠡᠷᠡᠭᠲᠡᠶ᠃ ᠳᠥᠷᠪᠡ ᠳᠤ᠂ ᠠᠷᠭ᠋᠎ᠠ ᠪᠦᠬᠦᠨ ᠢ ᠰᠦᠪᠡᠭᠴᠢᠯᠡᠨ ᠬᠠᠮᠲᠤᠷᠠᠯ ᠬᠦᠴᠦᠨ ᠢ       ᠪᠦᠷᠢᠯᠳᠦᠭᠦᠯᠵᠦ᠂ ᠤᠯᠤᠰ ᠤᠨ ᠶᠡᠭᠡ ᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠳᠤ ᠵᠤᠬᠰᠤᠨ ᠭᠦᠨᠵᠡᠭᠡᠶ ᠰᠤᠳᠤᠯᠤᠨ ᠠᠬᠢᠭᠤᠯᠵᠤ᠂ ᠳᠥᠷᠪᠡᠨ ᠬᠤᠲᠠ ᠶᠢ ᠨᠢᠭᠡ ᠬᠤᠲᠠ ᠶᠢᠨ ᠪᠦᠯᠦᠭᠵᠢᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠥ ᠵᠢᠭᠠᠵᠥ ᠭᠠᠷᠭᠠᠪᠠ᠃  ᠬᠤᠷᠠᠯ ᠠᠴᠠ ᠪᠠᠰᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠬᠦ ᠵᠡᠷᠭᠡ ᠵᠦᠢᠯᠡᠰ ᠤᠨ ᠲᠤᠬᠠᠢ ᠰᠤᠳᠤᠯᠵᠠᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号