ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠪᠡ  ᠰᠦᠨ ᠱᠤᠤ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/9/25
  9 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠭᠰᠡᠨ ᠪᠥᠬᠡᠳ ᠠᠩᠬᠠᠳᠤᠭᠠᠷ ᠤᠳᠠᠭ᠋᠎ᠠ ᠶᠢᠨ ᠪᠥᠬᠦᠳᠡ ᠬᠤᠷᠠᠯ ᠬᠢᠪᠠ᠃  ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠣᠲᠣ 73 ᠬᠥᠮᠦᠨ ᠪᠣᠶ᠂ 63 ᠬᠥᠮᠦᠨ ᠨᠢ ᠲᠣᠰ ᠤᠳᠠᠭ᠋᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠋᠎ᠠ ᠳᠤ ᠨᠡᠶᠢᠴᠡᠪᠡ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ᠂ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠯᠢ ᠪᠢᠩ ᠷᠦᠩ᠂ ᠡᠸ ᠶᠠᠨ ᠭᠠᠩ᠂ ᠨᠠᠷᠢᠨ ᠪᠢᠴᠢᠭ ᠤᠨ ᠳᠠᠷᠤᠭ᠋᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦ᠋ᠦ ᠰᠢᠶᠠᠨ ᠬᠤᠸᠠ ᠬᠤᠷᠠᠯ ᠳᠤ ᠰᠤᠯᠠ ᠣᠷᠣᠯᠴᠠᠪᠠ᠃
会议开幕 孙绍骋主持.jpg
  9 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠭᠰᠡᠨ ᠪᠥᠬᠡᠳ ᠠᠩᠬᠠᠳᠤᠭᠠᠷ ᠤᠳᠠᠭ᠋᠎ᠠ ᠶᠢᠨ ᠪᠥᠬᠦᠳᠡ ᠬᠤᠷᠠᠯ ᠬᠢᠪᠠ᠃   ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠋᠎ᠠ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠯᠠ ᠵᠢᠶᠦ᠋ᠨ᠂ ᠵᠧᠩ ᠶᠢᠨ ᠴᠦᠨ᠂ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢ ᠠᠬᠢᠭᠤᠯᠬᠤ ᠪᠠ ᠬᠠᠮᠠᠭᠠᠯᠠᠬᠤ ᠲᠦᠷᠢᠮ ︵ᠲᠥᠰᠦᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠪᠥᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ ︵ᠲᠥᠰᠦᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠲᠦᠷᠢᠮ ︵ᠲᠥᠰᠦᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠋᠎ᠠ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠳᠤᠰ ᠳᠤᠰ ᠰᠣᠨᠣᠰᠪᠠ᠃  ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠰᠢᠤ ᠮᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠲᠦᠷᠢᠮ ︵ᠲᠥᠰᠦᠯ ︶︾ ᠤᠨ ᠲᠤᠬᠠᠶ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠋᠎ᠠ ᠭᠦᠸᠧ ᠵᠠᠨ ᠵᠢᠶᠠᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠋᠎ᠠ ᠡᠸ ᠵᠧᠨ ᠴᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠶᠯᠡᠳᠭᠡᠯ ᠤᠨ ᠭᠠᠵᠠᠷ ᠵᠢᠵᠢᠭ ᠬᠤᠭᠤᠯᠠᠨ ᠬᠡᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠶᠠᠪᠤᠭᠤᠯ ᠬᠤᠳᠠᠯᠳᠤᠭ᠋᠎ᠠ ᠶᠢᠨ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠋᠎ᠠ ᠶᠢᠨ ᠲᠢᠩᠬᠢᠮ ᠤᠨ ᠳᠠᠷᠤᠭ᠋᠎ᠠ ᠵᠠᠶ ᠶᠢᠩ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠋᠎ᠠ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ ᠤᠨ ᠡᠷᠬᠢᠯᠡᠭᠴᠢ ᠭᠦᠸᠧ ᠰᠢᠨ ᠤ ᠬᠢᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠋᠎ᠠ᠂ ᠰᠢᠭᠦᠮᠵᠢᠯᠡᠯ ᠪᠠ ᠰᠠᠨᠠᠯ ᠢ ᠭᠦᠶᠴᠡᠳᠭᠡᠬᠦ ᠠᠷᠭ᠋᠎ᠠ ︵ᠵᠠᠰᠠᠪᠤᠷᠢ ᠣᠷᠣᠭᠤᠯᠤᠭᠰᠠᠨ ᠲᠥᠰᠦᠯ︶︾  ᠶᠢᠨ ᠲᠤᠬᠠᠶ ᠲᠣᠳᠣᠷᠬᠠᠶᠢᠯᠠᠯᠲᠠ ᠶᠢ ᠰᠤᠨᠤᠰᠪᠠ᠃  ᠬᠤᠷᠠᠯ ᠠᠴᠠ ᠪᠠᠰᠠ ᠲᠣᠭᠤᠷᠢᠭ ᠪᠠᠶᠢᠭᠤᠯᠤᠭᠰᠠᠨ ᠬᠡᠰᠡᠭ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠢᠨᠠᠨ ᠵᠥᠪᠯᠡᠪᠡ᠃  ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠳᠠ᠂ ᠲᠥᠯᠥᠪᠯᠡᠭᠡ ᠳᠤ ᠲᠤᠰᠠᠭᠠᠷ ᠵᠢᠭᠰᠠᠭᠠᠬᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠋᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号