9 ᠳ᠋ᠦ᠋ᠭᠡᠷ ᠰᠠᠷ᠎ᠠ ᠶᠢᠨ 23 ᠤ ᠡᠳᠦᠷ᠂ 2023 ᠣᠨ ᠤ ᠪᠥᠬᠦ ᠣᠷᠣᠨ ᠤ ᠠᠵᠢᠯ ᠣᠯᠭᠤᠬᠤ ᠪᠠ ᠦᠢᠯᠡᠰ | ᠪᠤᠰᠬᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠤᠯᠠᠭᠠᠨᠴᠠᠪ | ᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯ | ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠋᠎ᠠ ᠴᠢ᠊ ᠪᠠᠲᠤ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ | ᠴᠢ᠊ ᠪᠠᠲᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠋ᠠ ᠮᠥᠴᠢᠷ ᠤᠨ ᠬᠢᠨ ᠠᠵᠢᠯᠲᠠᠨ ᠡᠯᠰᠡᠬᠦ | ᠬᠤᠷᠠᠯ ᠤᠨ ᠦᠶᠯᠡᠴᠢᠯᠡᠵᠤ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠠᠵᠢᠯᠳᠠᠨ ᠬᠡᠷᠡᠭᠯᠡᠬᠦ ᠨᠢᠭᠡᠴᠢ | ᠪᠣᠯᠤᠨ ᠠᠵᠢᠯ ᠡᠷᠢᠭᠰᠡᠳ ᠲᠤ ᠰᠠᠶᠢᠨ ᠬᠥᠲᠥᠴᠢ ᠪᠤᠯᠵᠤ᠂ ᠬᠥᠭᠦᠷᠭᠡ ᠲᠠᠯᠪᠢᠵᠤ᠂ ᠬᠠᠮᠤᠭ ᠤᠨ ᠪᠦᠲᠦᠮᠵᠢᠲᠡᠶ᠂ | ᠬᠠᠮᠤᠭ ᠤᠨ ᠰᠢᠯᠢᠳᠡᠭ ᠦᠶᠯᠡᠴᠢᠯᠡᠭᠡ ᠬᠠᠩᠭᠠᠬᠤ ᠬᠡᠷᠡᠭᠲᠡᠶ︔ ᠡᠯ᠎ᠡ ᠠᠵᠢᠯᠳᠠᠨ ᠬᠡᠷᠡᠭᠯᠡᠬᠦ ᠨᠢᠭᠡᠴᠢ ᠨᠦᠭᠦᠳ ᠠᠵᠢᠯ | ᠣᠯᠭᠤᠬᠤ ᠠᠵᠢᠯ ᠤᠨ ᠪᠠᠶᠢᠷᠢ ᠪᠠᠨ ᠠᠭᠤᠳᠠᠯᠵᠤ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ | ᠠᠵᠢᠯ ᠬᠥᠳᠡᠯᠮᠦᠷᠢ ᠬᠢᠬᠦ ᠰᠠᠶᠢᠨ ᠰᠠᠶᠢᠬᠠᠨ ᠣᠷᠴᠢᠨ ᠲᠣᠭᠤᠷᠢᠨ᠂ ᠲᠣᠬᠢᠷᠠᠮᠵᠢᠲᠠᠶ ᠠᠵᠢᠯ ᠤᠨ ᠬᠦᠯᠤᠰᠤ | ᠣᠯᠭᠤᠮᠵᠢ ᠪᠠᠷ ᠬᠥᠳᠡᠯᠮᠦᠷᠢᠴᠢᠳ ᠢ ᠭᠦᠶᠴᠡᠳ ᠰᠢᠩᠭᠡᠭᠡᠨ ᠠᠪᠴᠤ ᠠᠵᠢᠯ ᠣᠯᠭᠤᠬᠤ ᠬᠡᠷᠡᠭᠲᠡᠶ᠃ ᠳᠠᠷᠤᠭᠠᠰᠤ ᠶᠢ | ᠬᠥᠩᠭᠡᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠭᠡᠬᠦ ᠬᠤᠯᠪᠣᠭᠳᠠᠯ ᠪᠦᠬᠦᠢ | ᠲᠦᠷᠦ ᠶᠢᠨ ᠪᠤᠳᠤᠯᠭ᠋᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠭᠤᠣᠯᠳᠠᠯᠭ᠋ᠠ ᠲᠠᠢ ᠤᠯᠠᠨ ᠲᠦᠮᠠᠨ ᠤ ᠠᠵᠢᠯ ᠣᠯᠭᠤᠯᠲᠠ ᠶᠢ ᠲᠤᠪᠤᠶᠢᠮ᠎ᠠ ᠰᠠᠶᠢᠲᠤᠷ | ᠠᠳᠬᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ ᠣᠯᠭᠤᠯᠲᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠮᠤᠵᠢ ᠣᠷᠣᠨ | ᠬᠤᠳᠠ ᠯᠤᠭ᠋ᠠ ᠶᠢᠨ ᠠᠵᠢᠯ ᠣᠯᠭᠤᠯᠲᠠ ᠶᠢᠨ ᠬᠠᠮᠲᠤᠷᠠᠯᠴᠠᠭ᠋ᠠ ᠶᠢ ᠢᠳᠡᠪᠬᠢᠲᠡᠶ ᠠᠬᠢᠭᠤᠯᠵᠤ᠂ ᠣᠨ ᠤ ᠠᠵᠢᠯ | ᠣᠯᠭᠤᠯᠲᠠ ᠶᠢᠨ ᠬᠠᠷᠠᠯᠲᠠᠲᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ | ᠵᠢᠭᠠᠵᠤ ᠭᠠᠷᠭᠠᠪᠠ᠃ | |