ᠤᠰᠤᠨ ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠵᠥᠪᠳᠡᠯᠴᠡᠭᠡ ᠥᠷᠨᠢᠭᠦᠯᠪᠡ
ᠨᠡᠶᠢᠲᠡᠯᠡᠭᠰᠡᠨ ᠴᠠᠭ᠄
2023/9/25
  9 ᠳ᠋ᠦ᠋ᠭᠡᠷ ᠰᠠᠷ᠎ᠠ ᠶᠢᠨ 22 ᠤᠨ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠠᠩ ᠳ᠋ᠤᠤ ᠰᠢ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ  ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 18 ᠰᠠᠷ᠎ᠠ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃  ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠳᠡᠪᠬᠢᠲᠡᠶ ᠠᠬᠢᠴᠠ ᠲᠠᠢ ᠪᠣᠯᠬᠤ ᠶᠢ ᠠᠬᠢᠭᠤᠯᠪᠠ᠃ 18 ᠰᠠᠷ᠎ᠠ ᠳᠤ᠂ ᠪᠥᠬᠦ ᠤᠯᠤᠰ ᠲᠤ 7361 ᠳ᠋ᠦᠩᠰᠢᠭᠤᠷ ᠲᠥᠭᠦᠷᠢᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 29 ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠵᠦ᠂ ᠤᠰᠤᠨ ᠠᠰᠢᠭᠯᠠᠯᠲᠠ ᠶᠢᠨ ᠲᠥᠷᠥᠯ ᠵᠦᠶᠯ ᠤᠨ ᠪᠠᠷᠢᠯᠭ᠎ᠠ ᠳᠤ 197.1 ᠲᠦᠮᠡᠨ ᠬᠥᠮᠦᠨ ᠳᠤ ᠠᠵᠢᠯ ᠣᠯᠭᠤᠵᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠦᠶᠯᠡᠳᠦᠯ ᠢ ᠭᠦᠶᠴᠡᠳ ᠪᠠᠳᠠᠷᠠᠭᠤᠯᠪᠠ᠃  ᠵᠥᠪᠳᠡᠯᠴᠡᠬᠦ ᠬᠤᠷᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠶ ᠶᠢᠨ ᠪᠠᠶᠢᠳᠠᠯ ᠪᠠ ᠠᠵᠤ ᠠᠬᠤᠶ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠦᠶᠡᠷ ᠤᠨ ᠳᠠᠷᠠᠭᠠᠬᠢ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ  ᠢᠶᠠᠨ ᠲᠦᠷᠭᠡᠳᠬᠡᠵᠦ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠪᠠ ᠪᠡᠶᠡᠯᠡᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ ᠴᠠᠭ ᠲᠤᠬᠠᠶ ᠳᠤᠨᠢ ᠡᠬᠢᠯᠡᠭᠦᠯᠦᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃  ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ᠂ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ ᠡᠯ᠎ᠡ ᠲᠤᠰᠠᠭᠠᠷ ᠲᠥᠯᠥᠪᠯᠡᠭᠡᠲᠦ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ᠲᠣᠪᠴᠢᠶ᠎ᠠ︶ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠬᠢᠷᠠᠭᠤᠯᠤᠨ ᠵᠥᠪᠳᠡᠯᠴᠡᠬᠦ ᠳᠤ ᠣᠷᠣᠯᠴᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号