ᠬᠡᠯᠬᠢᠶᠡᠰᠦᠨ ᠨᠣᠮᠧᠷ᠄ 000014348/2023-05139 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠰᠢᠢᠳᠪᠦᠷᠢ ﹇2023﹈ 48 ᠳ᠋ᠤᠭᠠᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠲᠤ᠄ | ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 11 ᠤ ᠡᠳᠦᠷ ᠲᠠᠨ ᠤ ᠲᠥᠪ ᠤᠨ ᠳᠤᠷᠠᠳᠤᠭᠰᠠᠨ | ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ | ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ | ᠮᠡᠳᠡᠭᠦᠯᠦᠯᠲᠡ ᠶᠢᠨ ᠪᠢᠴᠢᠭ︾ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ | ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠬᠦ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ | ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ | ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ | ᠲᠣᠭᠲᠠᠪᠠ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ | ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠨᠢ ᠬᠥᠬᠡᠬᠤᠲᠠ ᠶᠢᠨ ᠢᠦᠶ ᠴᠢᠤᠸᠠᠨ | ᠲᠣᠭᠤᠷᠢᠭ ᠳᠤ ᠪᠠᠶᠢᠷᠢᠯᠠᠵᠤ᠂ ᠲᠥᠷᠥᠯ ᠵᠦᠢᠯ ᠨᠢ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠷᠣᠨ᠂ | ᠰᠤᠷᠭᠠᠭᠤᠯᠢ ᠳᠤ ᠣᠷᠣᠬᠤ ᠵᠠᠮ ᠤᠨ ᠣᠷᠣᠨ᠂ ᠴᠠᠬᠢᠯᠭᠠᠨ ᠬᠠᠩᠭᠠᠬᠤ ᠱᠤᠭᠤᠮ ᠤᠨ ᠣᠷᠣᠨ ᠪᠠ ᠪᠠᠷᠢᠯᠭ᠎ᠠ ᠶᠢᠨ | ᠦᠢᠯᠡᠳᠪᠦᠷᠢᠯᠡᠯ ᠠᠮᠢᠳᠤᠷᠠᠯ ᠤᠨ ᠣᠷᠣᠨ ᠢᠶᠠᠷ ᠪᠦᠷᠢᠯᠳᠦᠨ᠎ᠡ᠃ ᠲᠥᠷᠥᠯ ᠵᠦᠢᠯ ᠤᠨ ᠲᠠᠲᠠᠪᠤᠷᠢᠯᠠᠨ ᠡᠵᠡᠯᠡᠭᠰᠡᠨ | ᠶᠡᠷᠦᠩᠬᠡᠶ ᠲᠠᠯᠠᠪᠠᠶ ᠨᠢ 17.20 ᠾᠧᠺᠲ᠋ᠠᠷ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 25.76 ᠲᠦᠮᠡᠨ | ᠪᠣᠰᠤᠭ᠎ᠠ ᠳᠥᠷᠪᠡᠯᠵᠢᠨ ᠮᠧᠲᠷ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 85106.38 | ᠲᠦᠮᠡᠨ ᠲᠥᠭᠦᠷᠢᠭ ᠪᠣᠯᠤᠨ᠎ᠠ᠃ ᠲᠥᠷᠥᠯ ᠵᠦᠢᠯ ᠢ 2023 ᠣᠨ ᠤ 4 ᠳ᠋ᠦ᠋ᠭᠡᠷ ᠰᠠᠷ᠎ᠠ ᠳᠤ ᠠᠵᠢᠯ ᠡᠬᠢᠯᠡᠭᠦᠯᠵᠦ᠂ | 2024 ᠣᠨ ᠤ 10 ᠳ᠋ᠤᠭᠠᠷ ᠰᠠᠷ᠎ᠠ ᠳᠤ ᠠᠵᠢᠯ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ | ᠬᠤᠭᠤᠴᠠᠭ᠎ᠠ ᠨᠢ 19 ᠰᠠᠷ᠎ᠠ ᠪᠣᠯᠤᠨ᠎ᠠ᠃ | ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ 17.20 ᠾᠧᠺᠲ᠋ᠠᠷ ᠢᠶᠠᠷ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃ | | ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠪᠠᠷᠠᠭᠤᠨ ᠬᠤᠶᠢᠲᠤ ᠶᠢᠨ ᠰᠢᠷ᠎ᠠ | ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃ | ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ | ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 95 %᠂ ᠤᠰᠤ | ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ | 93 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 90 %᠂ ᠣᠶ ᠰᠢᠭᠤᠶ ᠡᠪᠡᠰᠦᠨ ᠤ ᠤᠷᠭᠤᠮᠠᠯ ᠤᠨ | ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 95 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 24 % | ᠪᠣᠯᠤᠨ᠎ᠠ᠃ | ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃ | ︵ᠲᠠᠪᠤ︶ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠠᠴᠠ | ᠬᠡᠯᠲᠦᠷᠢᠭᠦᠯᠬᠦ᠃ | ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ | ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ | ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ | ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ | ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ | ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠥᠰᠦᠯ ᠤᠨ | ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ | ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠭᠠᠷᠴᠤ ᠮᠡᠳᠡᠬᠦ ᠤᠰᠤ ᠰᠢᠷᠤᠢ ᠶᠢᠨ | ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ | ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ | ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ | ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ | ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃ | ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠲᠤᠰ ᠵᠦᠢᠯᠡᠰ ᠤᠨ ᠭᠠᠵᠠᠷ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠬᠤ᠂ ᠡᠰᠡᠬᠦᠯ᠎ᠡ | ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢ ᠬᠠᠮᠠᠭᠠᠯᠠᠬᠤ | ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ | ᠨᠥᠬᠦᠪᠥᠷᠢᠯᠡᠬᠦ ᠪᠤᠶᠤ ᠵᠠᠰᠠᠵᠤ᠂ ᠮᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠰᠢᠭᠠᠷᠤ | ᠬᠠᠶᠠᠬᠤ ᠲᠠᠯᠠᠪᠠᠢ ᠶᠢ ᠰᠢᠨ᠎ᠡ ᠪᠠᠷ ᠪᠠᠶᠢᠭᠤᠯᠬᠤ ᠴᠢᠬᠤᠯᠠᠲᠠᠢ ᠪᠠᠶᠢᠪᠠᠯ᠂ ᠦᠢᠯᠡᠳᠪᠦᠷᠢᠯᠡᠯ ᠪᠦᠳᠦᠭᠡᠨ | ᠪᠠᠶᠢᠭᠤᠯᠤᠯᠲᠠ ᠶᠢᠨ ᠨᠢᠭᠡᠴᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ | ᠬᠢᠬᠦ ᠶᠢᠨ ᠬᠠᠮᠲᠤ ᠰᠢᠭᠠᠷᠤ ᠬᠠᠶᠠᠬᠤ ᠠᠴᠠ ᠡᠮᠦᠨ᠎ᠡ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠤᠨ ᠨᠥᠬᠦᠪᠥᠷᠢ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ | | ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠪᠠᠷᠢᠯᠭ᠎ᠠ ᠳᠠᠭᠤᠰᠴᠤ | ᠰᠢᠯᠭᠠᠨ ᠠᠪᠬᠤ ᠪᠤᠶᠤ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ | ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ | ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ | ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ | ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ | ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ | ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ | ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ | ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠶᠢ ᠥᠩᠭᠡᠷᠡᠭᠡᠭᠰᠡᠨ ᠦᠭᠡᠶ ᠪᠤᠶᠤ ᠰᠢᠯᠭᠠᠨ | ᠠᠪᠬᠤ ᠳᠤ ᠬᠢᠷᠢ ᠲᠡᠩᠴᠡᠭᠰᠡᠨ ᠦᠭᠡᠶ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃ | ᠲᠠᠪᠤ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ | ᠤᠷᠢᠳᠠᠪᠠᠷ ᠪᠠᠶᠢᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ᠂ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ | ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠬᠡᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠲᠣᠰ | ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ | ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ | ᠬᠡᠷᠡᠭᠲᠡᠶ᠃ | ᠳᠠᠭᠠᠯᠳᠤᠭᠤᠯᠤᠯ᠄ | 1. ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠤᠨ ᠰᠠᠭᠤᠷᠢ | ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ | ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠢᠶᠠᠨ ᠮᠡᠳᠡᠭᠦᠯᠦᠨ ᠬᠦᠷᠭᠡᠬᠦ ᠲᠤᠬᠠᠶ | ᠮᠡᠳᠡᠭᠦᠯᠦᠯᠲᠡ.pdf | 2. ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠭᠤᠤᠯ ᠵᠣᠬᠢᠶᠠᠯ — ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ | ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ︵ | ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ︶ ᠶᠢᠨ ᠲᠥᠷᠥᠯ ᠵᠦᠢᠯ.pdf | | 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ | | |