ᠬᠡᠯᠬᠢᠶᠡᠰᠦᠨ ᠨᠣᠮᠧᠷ᠄ 000014348/2023-05142 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 60 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠰᠦᠩᠱᠠᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ᠂ ᠬᠠᠷᠠᠴᠢᠨ ᠬᠤᠰᠢᠭᠤᠨ ᠤ ᠵᠠᠮ ᠲᠡᠭᠡᠭᠡᠪᠦᠷᠢ ᠶᠢᠨ | ᠲᠣᠪᠴᠢᠶ᠎ᠠ᠄ | ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 15 ᠤ ᠡᠳᠦᠷ ᠲᠠᠨ ᠤ ᠲᠣᠪᠴᠢᠶ᠎ᠠ ᠶᠢᠨ | ᠳᠤᠷᠠᠳᠤᠭᠰᠠᠨ ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠯᠠ ︵ᠥᠪᠥᠷ ᠮᠣᠩᠭᠤᠯ ᠾᠧᠪᠧᠶ ᠶᠢᠨ ᠵᠠᠭᠠᠭ︶ | ᠠᠴᠠ ᠤᠯᠠᠭᠠᠨᠬᠠᠳᠠ ᠬᠥᠷᠬᠦ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ | ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃ ᠬᠢᠨᠠᠨ | ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ | ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ | ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ | ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃ | 111 ᠤᠯᠤᠰ ᠤᠨ ᠵᠠᠮ ᠤᠨ ᠪᠠᠭ᠎ᠠ ᠺᠠᠯᠠ ︵ᠥᠪᠥᠷ ᠮᠣᠩᠭᠤᠯ ᠡᠾᠧᠪᠸᠢ ᠶᠢᠨ ᠵᠠᠭᠠᠭ︶ ᠠᠴᠠ | ᠤᠯᠠᠭᠠᠨᠬᠠᠳᠠ ᠬᠥᠷᠬᠦ ᠵᠠᠰᠠᠮᠠᠯ ᠵᠠᠮ ᠤᠨ ᠢᠨᠵᠧᠨᠧᠷᠢᠩ ᠨᠢ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ᠂ | ᠬᠠᠷᠠᠴᠢᠨ ᠬᠤᠰᠢᠭᠤᠨ ᠤ ᠬᠢᠯᠢ ᠳᠤ ᠪᠣᠶ᠃ ᠲᠤᠰ ᠪᠠᠷᠢᠯᠭ᠎ᠠ ᠶᠢᠨ ᠱᠤᠭᠤᠮ ᠤᠨ ᠪᠦᠬᠦ ᠤᠷᠲᠤ ᠨᠢ 59.271 | ᠺᠢᠯᠤᠮᠧᠲᠷ ᠪᠠᠶᠢᠵᠤ᠂ ᠵᠠᠮ ᠤᠨ ᠰᠠᠭᠤᠷᠢ ᠶᠢᠨ ᠪᠠᠷᠢᠯᠭ᠎ᠠ ᠶᠢᠨ ᠣᠷᠣᠨ᠂ ᠳᠠᠭᠠᠯᠲᠠ ᠪᠡᠯᠡᠳᠬᠡᠮᠵᠢ ᠶᠢᠨ ᠣᠷᠣᠨ᠂ ᠵᠠᠮ | ︵ᠭᠤᠣᠯ ᠰᠤᠪᠠᠭ︶ ᠤᠨ ᠣᠷᠣᠨ᠂ ᠰᠢᠷᠣᠶ ᠠᠪᠬᠤ ︵ᠬᠠᠶᠠᠬᠤ︶ ᠲᠠᠯᠠᠪᠤᠷ᠂ ᠪᠠᠷᠢᠯᠭ᠎ᠠ ᠪᠠᠷᠢᠬᠤ ᠳᠥᠭᠦᠮ ᠵᠠᠮ᠂ | ᠪᠠᠷᠢᠯᠭ᠎ᠠ ᠶᠢᠨ ᠭᠠᠵᠠᠷ᠂ ᠴᠠᠬᠢᠯᠭᠠᠨ ᠬᠠᠩᠭᠠᠬᠤ ᠱᠤᠭᠤᠮ ᠵᠡᠷᠭᠡ ᠪᠠᠷ ᠪᠦᠷᠢᠯᠳᠦᠵᠡᠶ᠃ ᠪᠠᠷᠢᠯᠭ᠎ᠠ ᠶᠢᠨ ᠶᠡᠷᠦᠩᠬᠡᠶ | ᠲᠠᠲᠠᠪᠤᠷᠢᠯᠠᠭᠰᠠᠨ ᠲᠠᠯᠠᠪᠠᠶ 265.24 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ | 425.88 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠠᠷᠢᠯᠭ᠎ᠠ ᠶᠢᠨ ᠶᠡᠷᠦᠩᠬᠡᠶ ᠪᠠᠯᠠ | ᠣᠷᠣᠭᠤᠯᠤᠯᠲᠠ 9.45 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠷᠢᠯᠭ᠎ᠠ ᠶᠢ 2024 ᠣᠨ ᠤ 3 ᠰᠠᠷ᠎ᠠ ᠳᠤ | ᠡᠬᠢᠯᠡᠭᠦᠯᠵᠦ᠂ 2026 ᠣᠨ ᠤ 12 ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠠᠵᠢᠯ ᠤᠨ | ᠬᠤᠭᠤᠴᠠᠭ᠎ᠠ ᠨᠢ 34 ᠰᠠᠷ᠎ᠠ ᠪᠣᠯᠤᠨ᠎ᠠ᠃ | ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠠᠷᠢᠭᠤᠴᠠᠯᠭ᠎ᠠ ᠶᠢᠨ ᠬᠡᠪᠴᠢᠶ᠎ᠡ ᠨᠢ 265.24 ᠾᠧᠺᠲ᠋ᠠᠷ | ᠪᠣᠯᠤᠨ᠎ᠠ᠃ | ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠣᠷᠣᠨ ᠤ ᠰᠢᠷᠣᠶ | ᠴᠢᠯᠠᠭᠤ ᠶᠢᠨ ᠠᠭᠤᠯᠠᠷᠬᠠᠭ ᠣᠷᠣᠨ ᠤ ᠨᠢᠭᠡᠳᠦᠭᠡᠷ ᠳᠡᠰ ᠤᠨ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠬᠡᠷᠡᠭᠵᠢᠭᠦᠯᠬᠦ ᠶᠢ | ᠵᠥᠪᠰᠢᠶᠡᠷᠡᠨ᠎ᠡ᠃ | ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ | ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 95 %᠂ ᠤᠰᠤ ᠰᠢᠷᠤᠢ ᠶᠢᠨ ᠢᠳᠡᠭᠳᠡᠯ ᠢ | ᠬᠢᠵᠠᠭᠠᠷᠯᠠᠬᠤ ᠬᠠᠷᠢᠴᠠᠯ 1.0᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ 97 %᠂ | ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 95 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ | ᠰᠡᠷᠭᠦᠯᠲᠡ ᠶᠢᠨ ᠨᠣᠷᠮ᠎ᠠ 97 %᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 27 % ᠪᠣᠯᠤᠨ᠎ᠠ᠃ | ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ | ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ | ᠵᠥᠪᠰᠢᠶᠡᠷᠡᠬᠦ ᠬᠡᠷᠡᠭᠲᠡᠶ᠃ | ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ | ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ | ᠪᠠᠭᠲᠠᠭᠠᠮᠵᠢ ᠶᠢ ᠳᠠᠬᠢᠨ ᠬᠢᠨᠠᠵᠤ᠂ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ | ᠰᠢᠭᠠᠷᠤ ᠬᠠᠶᠠᠬᠤ ᠲᠠᠯᠠᠪᠤᠷ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ | ᠲᠠᠯᠠᠪᠤᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ | ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ | ︵ᠵᠢᠷᠭᠤᠭ᠎ᠠ︶ ᠪᠦᠲᠦᠭᠡᠨ ᠪᠠᠢᠭᠤᠯᠤᠯᠲᠠ ᠶᠢᠨ ᠬᠤᠭᠤᠴᠠᠭᠠᠨ ᠤ ᠤᠰᠤ ᠰᠢᠷᠣᠢ ᠶᠢ ᠬᠠᠮᠠᠭᠠᠯᠠᠬᠤ ᠨᠥᠬᠦᠪᠥᠷᠢ | 450.908 ᠲᠦᠮᠡᠨ ᠲᠥᠭᠦᠷᠢᠭ ︵ᠡᠭᠦᠨ ᠳᠤ ᠬᠠᠷᠠᠴᠢᠨ ᠬᠤᠰᠢᠭᠤᠨ ᠤ 204.51 ᠲᠦᠮᠡᠨ ᠲᠥᠭᠦᠷᠢᠭ᠂ | ᠰᠦᠩᠱᠠᠨ ᠲᠣᠭᠤᠷᠢᠭ ᠤᠨ 246.398 ᠲᠦᠮᠡᠨ ᠲᠥᠭᠦᠷᠢᠭ︶ ᠢ ᠦᠨᠳᠦᠰᠦᠨ ᠳᠡᠭᠡᠨ ᠵᠥᠪᠰᠢᠶᠡᠷᠡᠪᠡ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ | ᠬᠡᠷᠡᠭᠲᠡᠶ᠄ | ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ | ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ | ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠨ᠂ ︽ᠭᠤᠷᠪᠠ ᠶᠢ | ᠵᠡᠷᠭᠡ ᠳᠤᠨᠢ ᠬᠢᠬᠦ︾ ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ | ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ | ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ | ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ | ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ | ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ | ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ | ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ | ᠬᠢᠵᠠᠭᠠᠷᠯᠠᠬᠤ ᠬᠡᠷᠡᠭᠲᠡᠶ᠃ | ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ | ᠤᠰᠤ ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ | ᠶᠣᠰᠣᠭᠠᠷ ᠮᠠᠨ ᠤ ᠲᠢᠩᠬᠢᠮ ᠵᠢᠴᠢ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ | ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃ | ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ | ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠰᠦᠢᠳᠭᠡᠯ ᠢ ᠬᠠᠤᠯᠢ ᠲᠣᠭᠲᠠᠭᠠᠯ ᠶᠣᠰᠣᠭᠠᠷ | ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃ | ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ | ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ | ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠢᠶᠠᠨ | ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ | ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠲᠣᠭᠲᠠᠭᠠᠭᠰᠠᠨ ᠰᠢᠭᠠᠷᠤ ᠶᠢᠨ ᠲᠠᠯᠠᠪᠤᠷ ᠠᠴᠠ ᠭᠠᠳᠠᠨ᠎ᠠ | ᠰᠢᠭᠠᠷᠤ ᠶᠢᠨ ᠲᠠᠯᠠᠪᠤᠷ ᠰᠢᠨ᠎ᠡ ᠪᠠᠷ ᠭᠠᠷᠭᠠᠭᠰᠠᠨ᠂ ᠡᠰᠡᠬᠦᠯ᠎ᠡ ᠰᠢᠭᠠᠷᠤ ᠶᠢᠨ ᠬᠡᠮᠵᠢᠶ᠎ᠡ ᠨᠡᠮᠡᠭᠳᠡᠭᠰᠡᠨ ᠠᠴᠠ ᠪᠣᠯᠵᠣ | ᠰᠢᠭᠠᠷᠤ ᠶᠢᠨ ᠲᠠᠯᠠᠪᠤᠷ ᠤᠨ ᠵᠡᠷᠭᠡ ᠳᠡᠰ ᠢ ᠳᠡᠭᠡᠭᠰᠢᠯᠡᠭᠦᠯᠦᠭᠰᠡᠨ ᠪᠣᠯ᠂ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ | ᠬᠢᠬᠦ ᠶᠢᠨ ᠬᠠᠮᠲᠤ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ | ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ | ᠵᠥᠪᠰᠢᠶᠡᠷᠡᠭᠦᠯᠬᠦ ᠬᠡᠷᠡᠭᠲᠡᠶ᠃ | ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ | ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ | ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ | ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ | ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ | ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠡᠭᠦᠨ ᠤ ᠠᠯᠪᠠᠨ | ᠰᠦᠯᠵᠢᠶ᠎ᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠳᠤ ᠤᠰᠤ ᠰᠢᠷᠤᠢ ᠶᠢ ᠬᠠᠮᠠᠭᠠᠯᠠᠬᠤ | ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ | ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ | ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ | ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ | ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ | ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ | ᠣᠷᠣᠭᠤᠯᠤᠨ ᠬᠡᠷᠡᠭᠯᠡᠵᠦ ᠪᠣᠯᠬᠤ ᠦᠭᠡᠢ᠃ | ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ | ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ᠂ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠨᠢᠭᠡᠴᠢ ᠨᠢ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ | ᠳᠦᠭᠦᠷᠬᠦ ᠠᠴᠠ 30 ᠠᠵᠢᠯᠯᠠᠬᠤ ᠡᠳᠦᠷ ᠠᠴᠠ ᠡᠮᠦᠨ᠎ᠡ ᠮᠠᠨ ᠤ ᠲᠢᠩᠬᠢᠮ ᠳᠤ ᠳᠠᠭᠢᠵᠤ ᠬᠢᠨᠠᠨ ᠬᠠᠷᠭᠤᠭᠤᠯᠬᠤ ᠪᠠᠷ | ᠭᠤᠶᠤᠴᠢᠯᠠᠬᠤ ᠬᠡᠷᠡᠭᠲᠡᠶ᠃ ᠲᠥᠷᠥᠯ ᠵᠦᠢᠯ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠪᠠᠰᠠ ᠳᠠᠬᠢᠨ | ᠬᠢᠨᠠᠭᠤᠯᠬᠤ ᠪᠠᠷ ᠭᠤᠶᠤᠴᠢᠯᠠᠭᠰᠠᠨ ᠦᠭᠡᠶ᠂ ᠡᠰᠡᠬᠦᠯ᠎ᠡ ᠳᠠᠬᠢᠨ ᠬᠢᠨᠠᠭᠤᠯᠬᠤ ᠭᠤᠶᠤᠴᠢᠯᠠᠯ ᠳᠤᠷᠠᠳᠤᠭᠰᠠᠨ ᠪᠣᠯᠪᠠᠴᠤ | ᠵᠥᠪᠰᠢᠶᠡᠷᠡᠭᠳᠡᠭᠰᠡᠨ ᠦᠭᠡᠶ ᠪᠣᠯ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ | ᠪᠣᠯᠤᠨ᠎ᠠ᠃ | ᠳᠠᠭᠠᠯᠳᠤᠭᠤᠯᠤᠯ: | 1. ︽ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠯᠠ ︵ᠥᠪᠥᠷ ᠮᠣᠩᠭᠤᠯ ᠾᠧᠪᠧᠶ ᠶᠢᠨ ᠵᠠᠭᠠᠭ︶ | ᠠᠴᠠ ᠤᠯᠠᠭᠠᠨᠬᠠᠳᠠ ᠬᠦᠷᠲᠡᠯᠡᠬᠢ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ | ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠢᠶᠠᠨ ᠮᠡᠳᠡᠭᠦᠯᠦᠨ | ᠬᠦᠷᠭᠡᠬᠦ ᠲᠤᠬᠠᠶ ᠦᠪᠦᠷ ᠤᠰᠤᠨ ᠤ ᠲᠦᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ﹇2023﹈ 164 ᠳ᠋ᠦ᠋ᠭᠡᠷ | ᠲᠣᠭᠠᠲᠤ . pdf | 2. ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠯᠠ ︵ᠥᠪᠥᠷ ᠮᠣᠩᠭᠤᠯ ᠾᠧᠪᠧᠶ ᠶᠢᠨ ᠵᠠᠭᠠᠭ︶ | ᠠᠴᠠ ᠤᠯᠠᠭᠠᠨᠬᠠᠳᠠ ᠬᠦᠷᠲᠡᠯᠡᠬᠢ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ | ᠲᠥᠰᠦᠯ. pdf | | 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ | | |