ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/27
  ᠬᠡᠯᠬᠢᠶᠡᠰᠦᠨ ᠨᠣᠮᠧᠷ᠄ 000014348/2023-05139  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠰᠢᠢᠳᠪᠦᠷᠢ ﹇2023﹈ 48 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠲᠤ᠄  ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 11 ᠤ ᠡᠳᠦᠷ ᠲᠠᠨ ᠤ ᠲᠥᠪ ᠤᠨ ᠳᠤᠷᠠᠳᠤᠭᠰᠠᠨ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠨᠢ ᠬᠥᠬᠡᠬᠤᠲᠠ ᠶᠢᠨ ᠢᠦᠶ ᠴᠢᠤᠸᠠᠨ ᠲᠣᠭᠤᠷᠢᠭ  ᠳᠤ ᠪᠠᠶᠢᠷᠢᠯᠠᠵᠤ᠂ ᠲᠥᠷᠥᠯ ᠵᠦᠢᠯ ᠨᠢ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠷᠣᠨ᠂ ᠰᠤᠷᠭᠠᠭᠤᠯᠢ ᠳᠤ ᠣᠷᠣᠬᠤ ᠵᠠᠮ ᠤᠨ ᠣᠷᠣᠨ᠂ ᠴᠠᠬᠢᠯᠭᠠᠨ ᠬᠠᠩᠭᠠᠬᠤ ᠱᠤᠭᠤᠮ ᠤᠨ ᠣᠷᠣᠨ ᠪᠠ ᠪᠠᠷᠢᠯᠭ᠎ᠠ ᠶᠢᠨ ᠦᠢᠯᠡᠳᠪᠦᠷᠢᠯᠡᠯ ᠠᠮᠢᠳᠤᠷᠠᠯ ᠤᠨ ᠣᠷᠣᠨ ᠢᠶᠠᠷ ᠪᠦᠷᠢᠯᠳᠦᠨ᠎ᠡ᠃ ᠲᠥᠷᠥᠯ ᠵᠦᠢᠯ ᠤᠨ ᠲᠠᠲᠠᠪᠤᠷᠢᠯᠠᠨ ᠡᠵᠡᠯᠡᠭᠰᠡᠨ ᠶᠡᠷᠦᠩᠬᠡᠶ ᠲᠠᠯᠠᠪᠠᠶ ᠨᠢ 17.20 ᠾᠧᠺᠲ᠋ᠠᠷ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 25.76 ᠲᠦᠮᠡᠨ ᠪᠣᠰᠤᠭ᠎ᠠ ᠳᠥᠷᠪᠡᠯᠵᠢᠨ ᠮᠧᠲᠷ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 85106.38 ᠲᠦᠮᠡᠨ ᠲᠥᠭᠦᠷᠢᠭ ᠪᠣᠯᠤᠨ᠎ᠠ᠃ ᠲᠥᠷᠥᠯ ᠵᠦᠢᠯ ᠢ 2023 ᠣᠨ ᠤ 4 ᠳ᠋ᠦ᠋ᠭᠡᠷ ᠰᠠᠷ᠎ᠠ ᠳᠤ ᠠᠵᠢᠯ ᠡᠬᠢᠯᠡᠭᠦᠯᠵᠦ᠂ 2024 ᠣᠨ ᠤ 10 ᠳ᠋ᠤᠭᠠᠷ ᠰᠠᠷ᠎ᠠ ᠳᠤ ᠠᠵᠢᠯ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 19 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ 17.20 ᠾᠧᠺᠲ᠋ᠠᠷ ᠢᠶᠠᠷ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠪᠠᠷᠠᠭᠤᠨ ᠬᠤᠶᠢᠲᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 95 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ         93 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 90 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 95 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 24 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠠᠴᠠ ᠬᠡᠯᠲᠦᠷᠢᠭᠦᠯᠬᠦ᠃  ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ        ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠭᠠᠷᠴᠤ ᠮᠡᠳᠡᠬᠦ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠲᠤᠰ ᠵᠦᠢᠯᠡᠰ ᠤᠨ ᠭᠠᠵᠠᠷ᠂ ᠬᠡᠪᠴᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠬᠤ᠂ ᠡᠰᠡᠬᠦᠯ᠎ᠡ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ ᠨᠥᠬᠦᠪᠥᠷᠢᠯᠡᠬᠦ ᠪᠤᠶᠤ ᠵᠠᠰᠠᠵᠤ᠂ ᠮᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠰᠢᠭᠠᠷᠤ ᠬᠠᠶᠠᠬᠤ ᠲᠠᠯᠠᠪᠠᠢ ᠶᠢ ᠰᠢᠨ᠎ᠡ ᠪᠠᠷ ᠪᠠᠶᠢᠭᠤᠯᠬᠤ ᠴᠢᠬᠤᠯᠠᠲᠠᠢ ᠪᠠᠶᠢᠪᠠᠯ᠂ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠴᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠶᠢᠨ ᠬᠠᠮᠲᠤ ᠰᠢᠭᠠᠷᠤ ᠬᠠᠶᠠᠬᠤ ᠠᠴᠠ ᠡᠮᠦᠨ᠎ᠡ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃  ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠪᠠᠷᠢᠯᠭ᠎ᠠ ᠳᠠᠭᠤᠰᠴᠤ ᠰᠢᠯᠭᠠᠨ ᠠᠪᠬᠤ ᠪᠤᠶᠤ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠶᠢ ᠥᠩᠭᠡᠷᠡᠭᠡᠭᠰᠡᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃  ᠲᠠᠪᠤ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠪᠠᠶᠢᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃  ᠳᠠᠭᠠᠯᠳᠤᠭᠤᠯᠤᠯ᠄  1. ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠢᠶᠠᠨ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ.pdf  2. ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠭᠤᠤᠯ ᠵᠣᠬᠢᠶᠠᠯ — ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠥᠲᠥᠭᠡᠨ ᠪᠠᠶᠢᠭᠤᠯᠤᠯᠲᠠ ︵ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ︶ ᠶᠢᠨ ᠲᠥᠷᠥᠯ ᠵᠦᠢᠯ.pdf             2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号