ᠰᠢᠯᠢ ᠶᠢᠨ ᠭᠤᠤᠯ ᠠᠶᠢᠮᠠᠭ ᠤᠨ ᠶᠢᠨ ᠰᠢᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠤᠨ ᠦᠵᠦᠮᠦᠴᠢᠨ ᠬᠤᠰᠢᠭᠤᠨ ᠤ ᠲᠤᠯᠤᠭᠠᠨ ᠳᠠᠪᠠᠭ᠎ᠠ ᠡᠯ ᠳ᠋ᠤᠤ ᠭᠸᠦ ᠵᠡᠰ ᠤᠨ ᠣᠯᠠᠨ ᠲᠡᠮᠦᠷᠯᠢᠭ ᠤᠨ ᠠᠭᠤᠷᠬᠠᠶ ᠶᠢᠨ ᠭᠦᠨ ᠬᠡᠰᠡᠭ ᠤᠨ ᠨᠡᠭᠡᠭᠡᠨ ᠮᠠᠯᠲᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠳᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠥᠬᠡᠶ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/27
  ᠬᠡᠯᠬᠢᠶᠡᠰᠦᠨ ᠨᠣᠮᠧᠷ᠄ 000014348/2023-05140  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2023﹈ 59 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠰᠢᠯᠢ ᠶᠢᠨ ᠭᠤᠤᠯ ᠠᠶᠢᠮᠠᠭ ᠤᠨ ᠶᠢᠨ ᠰᠢᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄  ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 29 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠰᠢᠯᠢ ᠶᠢᠨ ᠭᠤᠤᠯ ᠠᠶᠢᠮᠠᠭ ᠤᠨ ᠶᠢᠨ ᠰᠢᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠤᠨ ᠦᠵᠦᠮᠦᠴᠢᠨ ᠬᠤᠰᠢᠭᠤᠨ ᠤ ᠲᠤᠯᠤᠭᠠᠨ ᠳᠠᠪᠠᠭ᠎ᠠ ᠶᠢᠨ ᠡᠯ ᠳ᠋ᠤᠤ ᠭᠸᠤ ᠶᠢᠨ ᠵᠡᠰ ᠤᠨ ᠣᠯᠠᠨ ᠲᠡᠮᠦᠷᠯᠢᠭ ᠤᠨ ᠠᠭᠤᠷᠬᠠᠶ ᠶᠢᠨ ᠭᠦᠨ ᠬᠡᠰᠡᠭ ᠤᠨ ᠨᠡᠭᠡᠭᠡᠨ ᠮᠠᠯᠲᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠡᠷᠭᠡᠵᠢᠯ ᠤᠨ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠲᠠᠨ ᠤ ᠺᠣᠮᠫᠠᠨᠢ ᠶᠢᠨ ᠲᠤᠰᠢᠶᠠᠭᠰᠠᠨ ︽ᠰᠢᠯᠢ ᠶᠢᠨ ᠭᠤᠣᠯ ᠠᠶᠢᠮᠠᠭ ᠤᠨ ᠶᠢᠨ ᠰᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠤᠨ ᠦᠵᠦᠮᠦᠴᠢᠨ ᠬᠤᠰᠢᠭᠤᠨ ᠤ ᠲᠤᠯᠤᠭᠠᠨ ᠳᠠᠪᠠᠭ᠎ᠠ ᠡᠯ ᠳ᠋ᠤᠤ ᠭᠧᠦ ᠶᠢᠨ ᠵᠡᠰ ᠤᠨ ᠤᠯᠠᠨ ᠲᠡᠮᠦᠷᠯᠢᠭ ᠤᠨ ᠠᠭᠤᠷᠬᠠᠢ ᠶᠢᠨ ᠭᠦᠨ ᠬᠡᠰᠡᠭ ᠤᠨ ᠨᠡᠭᠡᠭᠡᠨ ᠮᠠᠯᠲᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠲᠤ ᠣᠷᠣᠰᠢᠵᠤ ᠪᠠᠶᠢᠭ᠎ᠠ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠲᠣᠭᠲᠠᠭᠠᠭᠰᠠᠨ ᠨᠢ ᠵᠣᠬᠢᠰ ᠦᠭᠡᠢ᠂ ᠬᠠᠶᠠᠭᠳᠠᠮᠠᠯ ᠰᠢᠷᠣᠶ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠠᠶᠢᠴᠠᠭᠠᠯᠲᠠ ᠶᠢ ᠥᠷᠨᠢᠭᠦᠯᠦᠭᠰᠡᠨ ᠥᠬᠡᠶ᠂ ᠪᠠᠷᠢᠯᠭ᠎ᠠ ᠶᠢᠨ ᠪᠦᠷᠢᠯᠳᠦᠯ ᠤᠨ ᠣᠷᠬᠢᠭᠳᠠᠭᠰᠠᠨ ᠵᠦᠢᠯ ᠵᠡᠷᠭᠡ ᠠᠰᠠᠭᠤᠳᠠᠯ᠂ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠶᠢᠨ ᠠᠷᠪᠠᠨ ᠲᠠᠪᠤᠳᠤᠭᠠᠷ ᠵᠦᠢᠯ ᠳᠤ ᠨᠡᠶᠢᠴᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠬᠡᠷᠡᠭᠲᠡᠶ ᠪᠠᠶᠢᠳᠠᠯ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ ᠭᠡᠵᠦ ᠲᠣᠭᠲᠠᠭᠠᠪᠠ᠃ ᠬᠡᠷᠪᠡ ᠲᠤᠰ ᠲᠣᠭᠲᠠᠭᠠᠯ ᠢ ᠵᠥᠪᠰᠢᠶᠡᠷᠡᠬᠦ ᠦᠭᠡᠶ ᠪᠣᠯ ᠲᠤᠰ ᠲᠣᠭᠲᠠᠭᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ᠂ ᠡᠰᠡᠬᠦᠯ᠎ᠡ ᠵᠢᠷᠭᠤᠭᠠᠨ ᠰᠠᠷ᠎ᠠ ᠶᠢᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠵᠤ ᠪᠣᠯᠤᠨ᠎ᠠ᠃  ᠳᠠᠭᠠᠯᠳᠤᠭᠤᠯᠤᠯ᠄  1. ︽ᠰᠢᠯᠢ ᠶᠢᠨ ᠭᠤᠤᠯ ᠠᠶᠢᠮᠠᠭ ᠤᠨ  ᠶᠢᠨ ᠰᠢᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠤᠨ ᠦᠵᠦᠮᠦᠴᠢᠨ ᠬᠤᠰᠢᠭᠤᠨ ᠤ ᠲᠤᠯᠤᠭᠠᠨ ᠳᠠᠪᠠᠭ᠎ᠠ ᠡᠯ ᠳ᠋ᠤᠤ ᠭᠸᠤ ᠶᠢᠨ ᠵᠡᠰ ᠤᠨ ᠣᠯᠠᠨ ᠲᠡᠮᠦᠷᠯᠢᠭ ᠤᠨ ᠠᠭᠤᠷᠬᠠᠶ ᠶᠢᠨ ᠭᠦᠨ ᠬᠡᠰᠡᠭ ᠤᠨ ᠨᠡᠭᠡᠭᠡᠨ ᠮᠠᠯᠲᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠲᠤᠬᠠᠶ.pdf                 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号