ᠤᠷᠠᠳ ᠤᠨ ᠡᠮᠦᠨᠡᠲᠦ ᠬᠤᠰᠢᠭᠤᠨ ᠤ ᠰᠢᠨ ᠠᠨ ᠱᠧᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠠᠯᠠᠭᠠᠶ ᠶᠢᠨ ᠭᠤᠤ ᠠᠭᠤᠷᠬᠠᠶ ᠶᠢᠨ ᠵᠢᠯ ᠤᠨ ᠭᠠᠷᠤᠯᠲᠠ ᠨᠢ 40 ᠲᠦᠮᠡᠨ ᠲᠣᠨ ᠲᠡᠮᠦᠷ ᠤᠨ ᠬᠦᠳᠡᠷ ᠤᠨ ᠲᠥᠷᠥᠯ ᠵᠦᠢᠯ ᠤᠨ ᠠᠭᠤᠷᠬᠠᠶ ᠮᠠᠯᠲᠠᠬᠤ ᠲᠣᠭᠤᠷᠢᠭ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠳᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠥᠬᠡᠶ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/27
  ᠬᠡᠯᠬᠢᠶᠡᠰᠦᠨ ᠨᠣᠮᠧᠷ᠄ 000014348/2023-05143  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 61 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠱᠧᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠄  ᠮᠠᠨ ᠤ ᠲᠢᠩᠬᠢᠮ 2023 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠱᠧᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠠᠯᠠᠭᠠᠶ ᠶᠢᠨ ᠭᠤᠤ ᠠᠭᠤᠷᠬᠠᠶ ᠶᠢᠨ ᠣᠷᠣᠨ ᠤ ᠲᠡᠮᠦᠷ ᠤᠨ ᠠᠭᠤᠷᠬᠠᠶ ᠶᠢᠨ ᠵᠢᠯ ᠤᠨ ᠭᠠᠷᠤᠯᠲᠠ ᠶᠢᠨ 40 ᠲᠦᠮᠡᠨ ᠲᠣᠨ ᠤ ᠲᠡᠮᠦᠷ ᠤᠨ ᠬᠦᠳᠡᠷ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠲᠤᠬᠠᠶ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠬᠤ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠵᠣᠬᠢᠶᠠᠨ ᠪᠠᠶᠢᠭᠤᠯᠤᠭᠰᠠᠨ ᠮᠡᠷᠭᠡᠵᠢᠯ ᠤᠨ ᠬᠢᠨᠠᠨ ᠪᠠᠶᠢᠴᠠᠭᠠᠯᠲᠠ ᠪᠠᠷ ᠳᠠᠮᠵᠢᠭᠠᠳ᠂ ᠲᠠᠨ ᠤ ᠺᠣᠮᠫᠠᠨᠢ ᠶᠢᠨ ᠲᠤᠰᠢᠶᠠᠭᠰᠠᠨ ︽ᠤᠷᠠᠳ ᠤᠨ ᠡᠮᠦᠨᠡᠲᠦ ᠬᠤᠰᠢᠭᠤᠨ ᠤ ᠰᠢᠨ ᠠᠨ ᠱᠧᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠲᠠᠯᠠᠭᠠᠶ ᠭᠤᠤ ᠶᠢᠨ ᠠᠭᠤᠷᠬᠠᠶ ᠶᠢᠨ ᠵᠢᠯ ᠤᠨ ᠭᠠᠷᠤᠯᠲᠠ ᠶᠢᠨ 40 ᠲᠦᠮᠡᠨ ᠲᠣᠨ ᠤ ᠲᠡᠮᠦᠷ ᠤᠨ ᠬᠦᠳᠡᠷ ᠤᠨ ᠲᠥᠷᠥᠯ ᠵᠦᠢᠯ ᠤᠨ ᠠᠭᠤᠷᠬᠠᠶ ᠮᠠᠯᠲᠠᠬᠤ ᠲᠣᠭᠤᠷᠢᠭ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠲᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ᠂ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠨᠢ ᠵᠦᠶ ᠵᠣᠬᠢᠰ ᠥᠬᠡᠶ᠂ ᠬᠠᠶᠠᠭᠳᠠᠮᠠᠯ ᠰᠢᠷᠣᠶ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠠᠶᠢᠴᠠᠭᠠᠯᠲᠠ ᠥᠷᠨᠢᠭᠦᠯᠦᠭᠰᠡᠨ ᠥᠬᠡᠶ ᠵᠡᠷᠭᠡ ᠠᠰᠠᠭᠤᠳᠠᠯ ᠣᠷᠣᠰᠢᠵᠤ᠂ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠶᠢᠨ ᠠᠷᠪᠠᠨ ᠲᠠᠪᠤᠳᠤᠭᠠᠷ ᠵᠦᠢᠯ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠬᠡᠷᠡᠭᠲᠡᠶ ᠪᠠᠶᠢᠳᠠᠯ ᠳᠤ ᠨᠡᠶᠢᠴᠡᠵᠦ ᠪᠠᠶᠢᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ ᠭᠡᠵᠦ ᠲᠣᠭᠲᠠᠭᠠᠪᠠ᠃  ᠬᠡᠷᠪᠡ ᠲᠤᠰ ᠲᠣᠭᠲᠠᠭᠠᠯ ᠢ ᠵᠥᠪᠰᠢᠶᠡᠷᠡᠬᠦ ᠦᠭᠡᠶ ᠪᠣᠯ ᠲᠤᠰ ᠲᠣᠭᠲᠠᠭᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ᠂ ᠡᠰᠡᠬᠦᠯ᠎ᠡ ᠵᠢᠷᠭᠤᠭᠠᠨ ᠰᠠᠷ᠎ᠠ ᠶᠢᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠵᠤ ᠪᠣᠯᠤᠨ᠎ᠠ᠃  ᠳᠠᠭᠠᠯᠳᠤᠭᠤᠯᠤᠯ᠄ 1 . ᠳᠠᠯᠠᠭᠠᠢ ᠶᠢᠨ ᠭᠤᠤ ᠠᠭᠤᠷᠬᠠᠢ ᠶᠢᠨ ᠣᠷᠣᠨ ᠤ ᠲᠡᠮᠦᠷ ᠤᠨ ᠠᠭᠤᠷᠬᠠᠢ ᠶᠢᠨ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ︵1︶.pdf  2 . ︽ᠤᠷᠠᠳ ᠤᠨ ᠡᠮᠦᠨᠡᠲᠦ ᠬᠤᠰᠢᠭᠤᠨ ᠤ ᠰᠢᠨ ᠠᠨ ᠱᠧᠨ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠠᠯᠠᠭᠠᠶ ᠭᠤᠤ ᠠᠭᠤᠷᠬᠠᠶ ᠶᠢᠨ ᠣᠷᠣᠨ ᠤ ᠲᠡᠮᠦᠷ ᠤᠨ ᠠᠭᠤᠷᠬᠠᠶ ᠶᠢᠨ ᠵᠢᠯ ᠤᠨ ᠭᠠᠷᠤᠯᠲᠠ ᠨᠢ 40 ᠲᠦᠮᠡᠨ ᠲᠣᠨ ᠲᠡᠮᠦᠷ ᠤᠨ ᠬᠦᠳᠡᠷ ᠤᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠮᠡᠳᠡᠭᠦᠯᠦᠯᠲᠡ.pdf                     2023 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号