ᠮᠤᠵᠢ ᠶᠢᠨ ᠵᠠᠮ ᠤᠨ 207 ᠱᠤᠭᠤᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠴᠠ ᠺᠠᠩ ᠫᠢᠩ ᠬᠦᠷᠬᠦ ᠵᠠᠰᠠᠮᠠᠯ ᠵᠠᠮ ᠤᠨ ᠳ᠋ᠠ ᠯᠢᠨ ᠠᠴᠠ ᠺᠠᠩ ᠫᠢᠩ ᠬᠦᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠵᠠᠰᠠᠮᠠᠯ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/4
ᠬᠡᠯᠬᠢᠶᠡᠰᠦᠨ ᠨᠣᠮᠧᠷ᠄ 000014348/2023-04371ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤ ᠪᠠᠶᠠᠯᠢᠭ ᠵᠦᠪᠰᠢᠶᠡᠷᠡᠯ ᠲᠤᠭᠲᠠᠭᠠᠯ ﹇2023﹈ 53 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 8 ᠳ᠋ᠤᠭᠠᠷ ᠰᠠᠷ᠎ᠠ ᠶᠢᠨ 30᠎ ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠮᠤᠵᠢ ᠶᠢᠨ ᠵᠠᠮ 207 ᠱᠤᠭᠤᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠴᠠ ᠺᠠᠩ ᠫᠢᠩ ᠬᠦᠷᠬᠦ ᠵᠠᠰᠠᠮᠠᠯ ᠵᠠᠮ ᠤᠨ ᠳ᠋ᠠ ᠯᠢᠨ ᠠᠴᠠ ᠺᠠᠩ ᠫᠢᠩ ᠬᠦᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠄  ᠮᠠᠨ ᠤ ᠲᠢᠩᠬᠢᠮ 2023 ᠣᠨ ᠤ 7 ᠳ᠋ᠤᠭᠠᠷ ᠰᠠᠷ᠎ᠠ ᠶᠢᠨ 26᠎ ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠮᠤᠵᠢ ᠶᠢᠨ ᠵᠠᠮ ᠤᠨ 207 ᠱᠤᠭᠤᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠴᠠ ᠺᠠᠩ ᠫᠢᠩ ᠬᠥᠷᠬᠦ ᠵᠠᠰᠠᠮᠠᠯ ᠵᠠᠮ ᠤᠨ ᠳ᠋ᠠ ᠯᠢᠨ ᠠᠴᠠ ᠺᠠᠩ ᠫᠢᠩ ᠬᠥᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠵᠠᠰᠠᠮᠠᠯ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  ᠮᠤᠵᠢ ᠶᠢᠨ ᠵᠠᠮ 207 ᠱᠤᠭᠤᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠴᠠ ᠺᠠᠩ ᠫᠢᠩ ᠬᠥᠷᠬᠦ ᠵᠠᠰᠠᠮᠠᠯ ᠵᠠᠮ ᠤᠨ ᠳ᠋ᠠ ᠯᠢᠨ ᠠᠴᠠ ᠺᠠᠩ ᠫᠢᠩ ᠬᠥᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠵᠠᠰᠠᠮᠠᠯ ᠵᠠᠮ ᠨᠢ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠳᠤ ᠪᠠᠶᠢᠷᠢᠯᠠᠵᠤ᠂ 2016 ᠣᠨ ᠤ 12 ᠳ᠋ᠤᠭᠠᠷ ᠰᠠᠷ᠎ᠠ ᠳᠤ᠂ ᠮᠠᠨ ᠤ ᠲᠢᠩᠬᠢᠮ ᠤᠨ ᠳᠣᠲᠣᠷᠠᠬᠢ ᠤᠰᠤ ᠶᠢ ᠬᠠᠮᠠᠭᠠᠯᠠᠬᠤ ﹇ 2016 ﹈ 206 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠷᠣᠶ ᠶᠢᠨ ᠲᠠᠯᠠᠪᠠᠶ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ ᠨᠢ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠪᠣᠯᠵᠤ ᠪᠦᠷᠢᠯᠳᠦᠭᠰᠡᠨ ᠪᠣᠯ ᠪᠦᠲᠦᠭᠡᠨ ᠪᠠᠶᠢᠭᠤᠯᠬᠤ ᠨᠢᠭᠡᠴᠢ ᠨᠢ ᠲᠤᠰ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠮᠤᠵᠢ ᠶᠢᠨ ᠵᠠᠮ 207 ᠱᠤᠭᠤᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠴᠠ ᠺᠠᠩ ᠫᠢᠩ ᠬᠦᠷᠬᠦ ᠵᠠᠰᠠᠮᠠᠯ ᠵᠠᠮ ᠤᠨ ᠳ᠋ᠠ ᠯᠢᠨ ᠠᠴᠠ ᠺᠠᠩ ᠫᠢᠩ ᠬᠦᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠵᠠᠰᠠᠮᠠᠯ ᠵᠠᠮ ᠤᠨ ᠪᠦᠬᠦ ᠤᠷᠲᠤ ᠨᠢ 115.068 ᠺᠢᠯᠣᠮᠧᠲᠷ ᠪᠠᠶᠢᠵᠤ᠂ ᠵᠠᠮ ᠤᠨ ᠰᠠᠭᠤᠷᠢ ᠵᠢᠴᠢ ᠬᠤᠶᠠᠷ ᠬᠠᠵᠠᠭᠤ᠂ ᠳᠠᠭᠠᠯᠲᠠ ᠪᠡᠯᠡᠳᠬᠡᠮᠵᠢ ᠶᠢᠨ ᠣᠷᠣᠨ᠂ ᠰᠢᠷᠣᠶ ᠠᠪᠬᠤ ︵ᠬᠠᠶᠠᠬᠤ︶ ᠲᠠᠯᠠᠪᠠᠶ᠂ ᠪᠠᠷᠢᠯᠭ᠎ᠠ ᠶᠢᠨ ᠠᠵᠢᠯ ᠤᠨ ᠲᠠᠯᠠᠪᠠᠶ᠂ ᠪᠠᠷᠢᠯᠭ᠎ᠠ ᠶᠢᠨ ᠠᠵᠢᠯ ᠤᠨ ᠳᠥᠭᠦᠮ ᠵᠠᠮ ᠪᠣᠯᠤᠨ ᠴᠠᠬᠢᠯᠭᠠᠨ ᠬᠠᠩᠭᠠᠬᠤ ᠱᠤᠭᠤᠮ ᠢᠶᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ 293.72 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 269.79 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 85176.26 ᠲᠦᠮᠡᠨ ᠲᠥᠭᠦᠷᠢᠭ ᠲᠤ ᠬᠦᠷᠴᠦ᠂ 2018 ᠣᠨ ᠤ 4 ᠳ᠋ᠦ᠋ᠭᠡᠷ ᠰᠠᠷ᠎ᠠ ᠳᠤ ᠪᠠᠷᠢᠯᠭ᠎ᠠ ᠡᠬᠢᠯᠡᠵᠦ᠂ 2023 ᠣᠨ ᠤ 10 ᠳ᠋ᠤᠭᠠᠷ ᠰᠠᠷ᠎ᠠ ᠳᠤ ᠪᠠᠷᠢᠵᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 67 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠪᠴᠢᠶ᠎ᠡ ᠪᠣᠯ 293.72 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠬᠡᠷᠡᠭᠵᠢᠭᠦᠯᠬᠦ ᠶᠢ       ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 97 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ 97 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 98 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 97 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 27 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ ᠪᠠᠭᠲᠠᠭᠠᠮᠵᠢ ᠶᠢ ᠳᠠᠬᠢᠨ ᠬᠢᠨᠠᠵᠤ᠂ ᠤᠰᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠠᠶ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠠᠶ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠠᠶ ᠶᠢᠨ ᠪᠠᠷᠢᠯᠭ᠎ᠠ ᠶᠢᠨ ᠠᠶᠤᠯ ᠦᠭᠡᠶ ᠪᠠᠶᠢᠬᠤ ᠶᠢ ᠦᠨᠡᠨᠬᠦ ᠪᠠᠲᠤᠯᠠᠨ᠂ ᠤᠰᠤ ᠰᠢᠷᠤᠢ ᠶᠢᠨ ᠢᠳᠡᠭᠳᠡᠯ ᠤᠨ ᠰᠢᠨ᠎ᠡ ᠬᠤᠣᠷ ᠬᠥᠨᠥᠭᠡᠯ ᠭᠠᠷᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠥᠷᠢ ᠰᠦᠢᠳᠬᠡᠯ ᠢ 499.324 ᠲᠦᠮᠡᠨ ᠲᠥᠭᠦᠷᠢᠭ ᠵᠥᠪᠰᠢᠶᠡᠷᠡᠨ᠎ᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾᠎ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠵᠢᠷᠤᠭ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠶᠢ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠶ᠃ ᠰᠢᠷᠣᠶ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ ᠢᠶᠠᠨ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠤᠨ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠬᠢᠭᠡᠳ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠰᠦᠢᠳᠭᠡᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃  ᠭᠤᠷᠪᠠ᠂ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠡᠯᠬᠦ ᠬᠡᠷᠡᠭᠲᠡᠶ᠃  ᠳᠠᠭᠠᠯᠳᠤᠭᠤᠯᠤᠯ᠄ 1. ᠮᠡᠳᠡᠭᠦᠯᠦᠯᠲᠡ ︵ᠲᠦᠢᠮᠣ ᠲᠥᠰᠦᠪ ᠤᠨ ᠳᠠᠭᠠᠯᠳᠤᠭᠤᠯᠤᠯ ᠬᠦᠰᠦᠨᠦᠭᠲᠦ ᠵᠢᠴᠢ ᠪᠢᠴᠢᠭ ᠮᠠᠲ᠋ᠧᠷᠢᠶᠠᠯ ᠪᠠᠭᠲᠠᠨ᠎ᠠ︶.pdf   2 . ︽ᠮᠤᠵᠢ ᠶᠢᠨ ᠵᠠᠮ ᠤᠨ 207 ᠱᠤᠭᠤᠮ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠴᠠ ᠺᠠᠩ ᠫᠢᠩ ᠬᠥᠷᠬᠦ ᠵᠠᠰᠠᠮᠠᠯ ᠵᠠᠮ ᠤᠨ ᠳ᠋ᠠ ᠯᠢᠨ ᠠᠴᠠ ᠺᠠᠩ ᠫᠢᠩ ᠬᠥᠷᠬᠦ ︵ᠥᠪᠥᠷ ᠮᠣᠩᠭᠤᠯ ᠯᠢᠶᠣᠤᠨᠢᠩ ᠤᠨ ᠵᠠᠭᠠᠭ︶ ᠬᠡᠰᠡᠭ ᠤᠨ ᠵᠠᠰᠠᠮᠠᠯ ᠵᠠᠮ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾᠎ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ.pdf         2023 ᠣᠨ ᠤ 8 ᠳ᠋ᠤᠭᠠᠷ ᠰᠠᠷ᠎ᠠ ᠶᠢᠨ 30᠎ ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号