ᠮᠤᠵᠢ ᠶᠢᠨ ᠵᠠᠮ ᠤᠨ 210 ᠱᠤᠭᠤᠮ ᠤᠨ ᠪᠠᠶᠠᠨ᠋ᠦ᠌ᠨᠳᠦᠷ ᠠᠴᠠ ᠪᠠᠯᠠᠴᠢᠷᠤᠳ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/4
ᠬᠡᠯᠬᠢᠶᠡᠰᠦᠨ ᠨᠣᠮᠧᠷ᠄ 000014348/2023-04372ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤ ᠪᠠᠶᠠᠯᠢᠭ ᠵᠦᠪᠰᠢᠶᠡᠷᠡᠯ ᠲᠤᠭᠲᠠᠭᠠᠯ ﹇2023﹈ 48 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 8 ᠳ᠋ᠤᠭᠠᠷ ᠰᠠᠷ᠎ᠠ ᠶᠢᠨ 31᠎ ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ᠮᠤᠵᠢ ᠶᠢᠨ ᠵᠠᠮ ᠤᠨ 210 ᠱᠤᠭᠤᠮ ᠤᠨ ᠪᠠᠶᠠᠨ᠋ᠦ᠌ᠨᠳᠦᠷ ᠠᠴᠠ ᠪᠠᠯᠠᠴᠢᠷᠤᠳ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠄  ᠮᠠᠨ ᠤ ᠲᠢᠩᠬᠢᠮ 2023 ᠣᠨ ᠤ 7 ᠳ᠋ᠤᠭᠠᠷ ᠰᠠᠷ᠎ᠠ ᠶᠢᠨ 21᠎ ᠤ ᠡᠳᠦᠷ ᠲᠠᠨ ᠤ ᠪᠠᠶᠢᠭᠤᠯᠭ᠎ᠠ ᠶᠢᠨ ᠳᠤᠷᠠᠳᠤᠭᠰᠠᠨ ᠮᠤᠵᠢ ᠶᠢᠨ ᠵᠠᠮ ᠤᠨ 210 ᠱᠤᠭᠤᠮ ᠤᠨ ᠪᠠᠶᠠᠨ᠋ᠦ᠌ᠨᠳᠦᠷ ᠠᠴᠠ ᠪᠠᠯᠠᠴᠢᠷᠤᠳ ᠬᠥᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  ᠮᠤᠵᠢ ᠶᠢᠨ ᠵᠠᠮ 210 ᠱᠤᠭᠤᠮ ᠤᠨ ᠪᠠᠶᠠᠨ᠋ᠦ᠌ᠨᠳᠦᠷ ᠠᠴᠠ ᠪᠠᠯᠠᠴᠢᠷᠤᠳ ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠨᠢ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠢᠯᠢ ᠳᠤ ᠪᠠᠶᠢᠷᠢᠯᠠᠵᠤ ᠪᠣᠶ᠂ 2015 ᠣᠨ ᠤ 11 ᠳ᠋ᠦ᠋ᠭᠡᠷ ᠰᠠᠷ᠎ᠠ ᠶᠢᠨ 4᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠣᠲᠣᠷᠠᠬᠢ ᠤᠰᠤ ᠶᠢ ᠬᠠᠮᠠᠭᠠᠯᠠᠬᠤ ﹇ 2015﹈ 245 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠲᠥᠷᠥᠯ ᠵᠦᠢᠯ ᠎ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠷᠣᠶ ᠠᠪᠬᠤ ᠲᠠᠯᠠᠪᠠᠶ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ ᠨᠢ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠪᠣᠯᠵᠤ᠂ ᠪᠦᠲᠦᠭᠡᠨ ᠪᠠᠶᠢᠭᠤᠯᠬᠤ ᠨᠢᠭᠡᠴᠢ ᠠᠴᠠ ᠲᠤᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠮᠡᠳᠡᠭᠦᠯᠪᠡ᠃ ᠪᠠᠷᠢᠯᠭ᠎ᠠ ᠶᠢᠨ ᠭᠤᠤᠯ ᠱᠤᠭᠤᠮ ᠤᠨ ᠪᠥᠬᠦ ᠣᠷᠳᠣ ᠨᠢ 162 ᠺᠢᠯᠣᠮᠧᠲᠷ᠂ ᠨᠢᠰᠬᠡᠯ ᠤᠨ ᠪᠠᠭᠤᠳᠠᠯ ᠤᠨ ᠬᠤᠯᠪᠣᠬᠤ ᠱᠤᠭᠤᠮ ᠤᠨ ᠣᠷᠳᠣ ᠨᠢ 0.46 ᠺᠢᠯᠣᠮᠧᠲᠷ᠂ ᠲᠢᠶᠠᠨ ᠱᠠᠨ  ᠠᠮᠠ ᠶᠢᠨ ᠬᠤᠯᠪᠣᠬᠤ ᠱᠤᠭᠤᠮ ᠤᠨ ᠣᠷᠳᠣ ᠨᠢ 3.23 ᠺᠢᠯᠣᠮᠧᠲᠷ ᠪᠠᠶᠢᠵᠤ᠂ ᠵᠠᠮ ᠤᠨ ᠰᠠᠭᠤᠷᠢ ᠶᠢᠨ ᠪᠠᠷᠢᠯᠭ᠎ᠠ ᠶᠢᠨ ᠣᠷᠣᠨ᠂ ᠬᠥᠭᠦᠷᠭᠡ ᠶᠢᠨ ᠪᠠᠷᠢᠯᠭ᠎ᠠ ᠶᠢᠨ      ᠣᠷᠣᠨ᠂ ᠰᠣᠯᠪᠢᠴᠠᠯ ᠪᠠᠷᠢᠯᠭ᠎ᠠ ᠶᠢᠨ ᠣᠷᠣᠨ᠂ ᠳᠠᠭᠠᠯᠲᠠ ᠪᠡᠯᠡᠳᠬᠡᠮᠵᠢ ᠶᠢᠨ ᠣᠷᠣᠨ᠂ ᠰᠢᠷᠣᠶ ᠠᠪᠬᠤ ︵ᠬᠠᠶᠠᠬᠤ︶ ᠲᠠᠯᠠᠪᠠᠶ᠂ ᠰᠢᠷᠣᠶ ᠬᠠᠶᠠᠬᠤ ᠲᠠᠯᠠᠪᠠᠶ᠂ ᠪᠠᠷᠢᠯᠭ᠎ᠠ ᠶᠢᠨ ᠳᠥᠭᠦᠮ ᠵᠠᠮ᠂ ᠪᠠᠷᠢᠯᠭ᠎ᠠ ᠶᠢᠨ ᠦᠢᠯᠡᠳᠪᠦᠷᠢᠯᠡᠯ ᠠᠮᠢᠳᠤᠷᠠᠯ ᠤᠨ ᠣᠷᠣᠨ ᠪᠣᠯᠤᠨ ᠴᠠᠬᠢᠯᠭᠠᠨ ᠬᠠᠩᠭᠠᠬᠤ ᠱᠤᠭᠤᠮ ᠢᠶᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ 453.65 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 439.44 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 12.75 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠢᠯᠭ᠎ᠠ ᠨᠢ 2016 ᠣᠨ ᠤ 12 ᠳ᠋ᠤᠭᠠᠷ ᠰᠠᠷ᠎ᠠ ᠳᠤ ᠡᠬᠢᠯᠡᠵᠦ᠂ 2020 ᠣᠨ ᠤ 7 ᠳ᠋ᠤᠭᠠᠷ ᠰᠠᠷ᠎ᠠ ᠳᠤ ᠪᠠᠷᠢᠯᠭ᠎ᠠ ᠳᠠᠭᠤᠰᠴᠤ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 44 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ    ︵ᠨᠢᠭᠡ︶ ᠪᠦᠲᠦᠭᠡᠨ ᠪᠠᠶᠢᠭᠤᠯᠬᠤ ᠬᠤᠭᠤᠴᠠᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 453.65 ᠾᠧᠺᠲ᠋ᠠᠷ       ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 97 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠬᠡᠮᠬᠡᠳᠡᠭ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ        98 % ᠪᠣᠯᠤᠨ᠎ᠠ︔ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 98 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 97 %᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 26 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠤᠨ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠵᠦ᠂ ᠬᠤᠶᠢᠨᠠᠬᠢ ᠵᠢᠷᠤᠭ ᠲᠥᠯᠥᠪᠯᠡᠭᠡ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠰᠢᠭᠠᠷᠤ ᠬᠠᠶᠠᠬᠤ ᠲᠠᠯᠠᠪᠤᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠳᠠᠬᠢᠨ ᠬᠢᠨᠠᠵᠤ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠦᠨ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃  ︵ᠵᠢᠷᠭᠤᠭ᠎ᠠ︶ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠶᠢᠨ ᠰᠦᠢᠳᠭᠡᠯ ᠢ 286.69 ᠲᠦᠮᠡᠨ ᠲᠥᠭᠦᠷᠢᠭ ︵ᠨᠢᠭᠡᠨᠲᠡ ᠤᠤᠯ ᠤᠨ ᠲᠥᠰᠦᠯ ᠤᠨ ᠴᠣᠬᠤᠯᠠᠪᠤᠷᠢ ᠶᠣᠰᠣᠭᠠᠷ ᠭᠦᠢᠴᠡᠳ ᠲᠤᠭ᠎ᠠ ᠪᠠᠷ ᠲᠤᠰᠢᠶᠠᠪᠠ︶᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ       ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠠᠷᠤ ᠬᠤᠷᠴᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃  ᠳᠠᠭᠠᠯᠳᠤᠭᠤᠯᠤᠯ 1 . ︽ᠮᠤᠵᠢ ᠶᠢᠨ ᠵᠠᠮ ᠤᠨ 210 ᠱᠤᠭᠤᠮ ᠤᠨ ᠪᠠᠶᠠᠨ᠋ᠦ᠌ᠨᠳᠦᠷ ᠠᠴᠠ ᠪᠠᠯᠠᠴᠢᠷᠤᠳ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾᠎ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠡᠳᠡᠭᠦᠯᠦᠯᠲᠡ .pdf  2 . ᠮᠤᠵᠢ ᠶᠢᠨ ᠵᠠᠮ 210 ᠱᠤᠭᠤᠮ ᠤᠨ ᠪᠠᠶᠠᠨ᠋ᠦ᠌ᠨᠳᠦᠷ ᠠᠴᠠ ᠪᠠᠯᠠᠴᠢᠷᠤᠳ ᠬᠦᠷᠬᠦ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠵᠠᠰᠠᠪᠤᠷᠢ ᠣᠷᠣᠭᠤᠯᠬᠤ ᠲᠥᠰᠦᠯ ᠤᠨ ᠮᠡᠳᠡᠭᠦᠯᠦᠯᠲᠡ ᠶᠢᠨ ᠪᠢᠴᠢᠭ .pdf        2023 ᠣᠨ ᠤ 8 ᠳ᠋ᠤᠭᠠᠷ ᠰᠠᠷ᠎ᠠ ᠶᠢᠨ 31᠎ ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号