ᠤᠯᠠᠭᠠᠨᠴᠠᠪ ᠬᠤᠲᠠ ᠶᠢᠨ ᠵᠢᠨᠢᠩ ᠤᠨ ᠳ᠋ᠦᠩ ᠷᠤᠤ ᠴᠧᠩ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/4
ᠬᠡᠯᠬᠢᠶᠡᠰᠦᠨ ᠨᠣᠮᠧᠷ᠄ 000014348/2023-04374ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤ ᠪᠠᠶᠠᠯᠢᠭ ᠵᠦᠪᠰᠢᠶᠡᠷᠡᠯ ᠲᠤᠭᠲᠠᠭᠠᠯ ﹇2023﹈ 48 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 8 ᠳ᠋ᠤᠭᠠᠷ ᠰᠠᠷ᠎ᠠ ᠶᠢᠨ 31 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠤᠯᠠᠭᠠᠨᠴᠠᠪ ᠬᠤᠲᠠ ᠶᠢᠨ ᠵᠢᠨᠢᠩ ᠤᠨ ᠳ᠋ᠦᠩ ᠷᠤᠤ ᠴᠧᠩ ᠲᠦᠷᠭᠡᠨ ᠳᠠᠪᠬᠢᠬᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠄  ᠮᠠᠨ ᠤ ᠲᠢᠩᠬᠢᠮ 2023 ᠣᠨ ᠤ 7 ᠳ᠋ᠤᠭᠠᠷ ᠰᠠᠷ᠎ᠠ ᠶᠢᠨ 20 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠤᠯᠠᠭᠠᠨᠴᠠᠪ ᠬᠤᠲᠠ ᠶᠢᠨ ᠵᠢᠨᠢᠩ ᠤᠨ ᠳ᠋ᠦᠩ ᠷᠤᠤ ᠴᠧᠩ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ  ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  ᠤᠯᠠᠭᠠᠨᠴᠠᠪ ᠬᠤᠲᠠ ᠶᠢᠨ ᠵᠢᠨᠢᠩ ᠤᠨ ᠳ᠋ᠦᠩ ᠷᠤᠤ ᠴᠧᠩ ᠵᠠᠰᠠᠮᠠᠯ ᠵᠠᠮ ᠤᠨ ᠢᠨᠵᠧᠨᠧᠷᠢᠩ ᠨᠢ ᠤᠯᠠᠭᠠᠨᠴᠠᠪ ᠬᠤᠲᠠ ᠶᠢᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠳᠤ ᠪᠠᠶᠢᠷᠢᠯᠠᠵᠤ᠂ 2011 ᠣᠨ ᠤ 8 ᠳ᠋ᠤᠭᠠᠷ ᠰᠠᠷ᠎ᠠ ᠳᠤ᠂ ᠮᠠᠨ ᠤ ᠲᠢᠩᠬᠢᠮ ᠤᠨ ᠳᠣᠲᠣᠷᠠᠬᠢ ᠤᠰᠤ ᠶᠢ ᠬᠠᠮᠠᠭᠠᠯᠠᠬᠤ ﹇2011﹈ 277 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠲᠣᠰ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠴᠣᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠷᠣᠶ ᠶᠢᠨ ᠲᠠᠯᠠᠪᠠᠶ ᠶᠢᠨ ᠣᠷᠣᠨ ᠪᠠᠶᠢᠷᠢ ᠶᠢ ᠠᠪᠤᠭᠰᠠᠨ ︵ᠬᠠᠶᠠᠭᠰᠠᠨ︶ ᠠᠴᠠ ᠪᠣᠯᠵᠤ᠂ ᠲᠤᠭ᠎ᠠ ᠬᠡᠮᠵᠢᠶ᠎ᠡ ᠳᠤᠨᠢ ᠬᠤᠪᠢᠷᠠᠯᠲᠠ ᠭᠠᠷᠴᠤ᠂ ᠪᠠᠷᠢᠯᠭ᠎ᠠ ᠪᠠᠷᠢᠬᠤ ᠵᠠᠮ ᠤᠨ ᠤᠷᠲᠤ ᠶᠢᠨ ᠬᠡᠮᠵᠢᠶ᠎ᠡ ᠨᠢ ᠨᠡᠮᠡᠭᠳᠡᠭᠡᠳ᠂ ᠴᠢᠬᠤᠯᠠ ᠶᠡᠭᠡ ᠬᠤᠪᠢᠷᠠᠯᠲᠠ ᠪᠣᠯᠵᠤ ᠪᠦᠷᠢᠯᠳᠦᠭᠰᠡᠨ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠲᠤᠰ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠵᠦ ᠪᠣᠯᠤᠨ᠎ᠠ᠃ ᠢᠨᠵᠧᠨᠧᠷᠢᠩ ᠳᠤ ᠭᠤᠤᠯ ᠱᠤᠭᠤᠮ ᠪᠠ 1 ᠵᠠᠯᠭᠠᠬᠤ ᠱᠤᠭᠤᠮ ᠢ ᠪᠠᠭᠲᠠᠭᠠᠨ᠎ᠠ᠂ ᠪᠦᠬᠦ ᠤᠷᠲᠤ ᠨᠢ 38.982 ᠺᠢᠯᠤᠮᠧᠲᠷ᠃ ᠪᠠᠷᠢᠯᠭ᠎ᠠ ᠨᠢ ᠵᠠᠮ ᠤᠨ ᠰᠠᠭᠤᠷᠢ ᠵᠢᠴᠢ ᠬᠤᠶᠠᠷ ᠬᠠᠵᠠᠭᠤ᠂ ᠬᠥᠭᠦᠷᠭᠡ ᠭᠤᠯᠳᠤᠩ ᠰᠣᠯᠪᠢᠴᠠᠬᠤ ᠵᠢᠴᠢ ᠬᠠᠷᠢᠯᠴᠠᠨ ᠨᠡᠪᠲᠡᠷᠡᠬᠦ ᠵᠦᠷᠢᠯᠢᠭ ᠵᠠᠮ ᠬᠠᠷᠢᠯᠴᠠᠭ᠎ᠠ᠂ ᠰᠢᠷᠣᠶ ᠠᠪᠬᠤ ︵ᠬᠠᠶᠠᠬᠤ︶ ᠲᠠᠯᠠᠪᠠᠶ᠂ ᠪᠠᠷᠢᠯᠭ᠎ᠠ ᠶᠢᠨ ᠠᠵᠢᠯ ᠤᠨ ᠳᠥᠭᠦᠮ ᠵᠠᠮ᠂ ᠪᠠᠷᠢᠯᠭ᠎ᠠ ᠶᠢᠨ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠴᠠᠬᠢᠯᠭᠠᠨ ᠬᠠᠩᠭᠠᠬᠤ ᠱᠤᠭᠤᠮ ᠵᠢᠴᠢ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ ᠢᠶᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ 406.96 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 624.38 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ 21.81 ᠳ᠋ᠦᠩᠰᠢᠭᠤᠷ ᠲᠥᠭᠦᠷᠢᠭ ᠲᠤ ᠬᠦᠷᠴᠡᠶ᠃ 2011 ᠣᠨ ᠤ 7 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠵᠦ᠂ 2016 ᠣᠨ ᠤ 8 ᠳ᠋ᠤᠭᠠᠷ ᠰᠠᠷ᠎ᠠ ᠳᠤ ᠪᠠᠷᠢᠯᠭ᠎ᠠ ᠳᠠᠭᠤᠰᠴᠤ᠂ ᠶᠡᠷᠦᠩᠬᠡᠢ ᠪᠠᠷᠢᠯᠭ᠎ᠠ ᠶᠢᠨ ᠬᠤᠭᠤᠴᠠᠭ᠎ᠠ ᠨᠢ 62 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠠᠷᠢᠭᠤᠴᠠᠯᠭ᠎ᠠ ᠶᠢᠨ ᠬᠡᠪᠴᠢᠶ᠎ᠡ ᠨᠢ 406.96 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠣᠷᠣᠨ ᠤ ᠰᠢᠷᠣᠶ ᠴᠢᠯᠠᠭᠤ ᠶᠢᠨ ᠠᠭᠤᠯᠠᠷᠬᠠᠭ ᠣᠷᠣᠨ ᠤ ᠨᠢᠭᠡᠳᠦᠭᠡᠷ ᠳᠡᠰ ᠤᠨ ᠰᠡᠷᠭᠡᠶᠢᠯᠡᠨ ᠵᠠᠰᠠᠬᠤ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 95 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 0.9᠂ ᠤᠰᠤ ᠰᠢᠷᠤᠢ ᠶᠢᠨ ᠰᠢᠭᠠᠷᠤ ᠶᠢᠨ ᠬᠠᠮᠠᠭᠠᠯᠠᠯᠲᠠ ᠶᠢᠨ ᠨᠣᠷᠮ᠎ᠠ 97 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 95 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 97 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 25 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ ᠪᠠᠭᠲᠠᠭᠠᠮᠵᠢ ᠶᠢ ᠳᠠᠬᠢᠨ ᠬᠢᠨᠠᠵᠤ᠂ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠠᠶ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠠᠶ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠠᠶ ᠶᠢᠨ ᠪᠠᠷᠢᠯᠭ᠎ᠠ ᠶᠢᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠶᠢᠨ ᠰᠦᠢᠳᠭᠡᠯ 299.41 ᠲᠦᠮᠡᠨ ᠲᠥᠭᠦᠷᠢᠭ ᠢ ᠦᠨᠳᠦᠰᠦᠨ ᠳᠡᠭᠡᠨ ᠵᠥᠪᠰᠢᠶᠡᠷᠡᠪᠡ ︵ᠤᠤᠯ ᠤᠨ ᠴᠣᠬᠤᠯᠠᠪᠤᠷᠢᠯᠠᠭᠰᠠᠨ ᠲᠥᠰᠦᠯ ᠤᠨ ᠶᠣᠰᠣᠭᠠᠷ ᠨᠢᠭᠡᠨᠲᠡ ᠭᠦᠢᠴᠡᠳ ᠲᠤᠭ᠎ᠠ ᠪᠠᠷ ᠲᠤᠰᠢᠶᠠᠪᠠ︶᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠵᠢᠷᠤᠭ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠶᠢ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠠᠶ ᠳᠤ ᠲᠡᠭᠡᠭᠡᠪᠦᠷᠢᠯᠡᠨ ᠬᠦᠷᠭᠡᠵᠦ᠂ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠤᠰᠤ ᠰᠢᠷᠤᠢ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠤᠰᠤ ᠰᠢᠷᠤᠢ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠰᠢᠷᠤᠢ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠤᠰᠤ ᠰᠢᠷᠤᠢ ᠶᠢᠨ ᠢᠳᠡᠭᠳᠡᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠡᠯᠬᠦ ᠬᠡᠷᠡᠭᠲᠡᠶ᠃  ᠳᠠᠭᠠᠯᠳᠤᠭᠤᠯᠤᠯ᠄ 1. ᠮᠡᠳᠡᠭᠦᠯᠦᠯᠲᠡ ᠶᠢᠨ ᠭᠤᠣᠯ ᠠᠭᠤᠯᠭ᠎ᠠ.pdf   2 . ︽ᠤᠯᠠᠭᠠᠨᠴᠠᠪ ᠬᠤᠲᠠ ᠶᠢᠨ ᠵᠢᠨᠢᠩ ᠤᠨ ᠳ᠋ᠦᠩ ᠷᠤᠤ ᠴᠧᠩ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠡᠳᠡᠭᠦᠯᠦᠯᠲᠡ .pdf            2023ᠣᠨ ᠤ 8 ᠳ᠋ᠤᠭᠠᠷ ᠰᠠᠷ᠎ᠠ ᠶᠢᠨ 31 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号