ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ 2023 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/9/5
  ︽ᠤᠯᠤᠰ ᠠᠴᠠ ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ᠂ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠂ ᠤᠰᠤᠨ ᠠᠰᠢᠭᠯᠠᠯᠲᠠ ᠶᠢᠨ ᠪᠠᠷᠢᠮᠵᠢᠶᠠᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠥᠨᠳᠥᠷ ᠪᠠᠷᠢᠮᠵᠢᠶ᠎ᠠ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠂ 8 ᠳ᠋ᠤᠭᠠᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ 2023 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠤᠰᠤᠨ ᠠᠰᠢᠭᠯᠠᠯᠲᠠ ᠶᠢᠨ ᠳᠠᠭᠠᠭᠠᠴᠢᠯᠠᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠵᠠᠩ ᠸᠧᠶ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠨᠠᠷᠢᠨ ᠪᠢᠴᠢᠭ ᠤᠨ ᠳᠠᠷᠤᠭ᠎ᠠ ᠫᠠᠨ ᠶᠢᠩ ᠬᠤᠸᠠ ᠬᠤᠷᠠᠯ ᠡᠷᠭᠢᠯᠡᠪᠡ᠃
标准化工作培训班.jpg
  ᠲᠣᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠬᠢᠭᠡᠳ ᠪᠠᠷᠢᠮᠵᠢᠶᠠᠵᠢᠭᠤᠯᠬᠤ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠢ ᠤᠷᠢᠨ ᠬᠢᠴᠢᠶᠡᠯᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ︽ᠪᠠᠷᠢᠮᠵᠢᠶᠠᠵᠢᠭᠤᠯᠬᠤ ᠠᠵᠢᠯ ᠤᠨ ᠵᠢᠯᠣᠭᠤᠳᠤᠮᠵᠢ ᠶᠢᠨ ᠲᠦᠷᠢᠮ︾ ᠳᠤ ᠭᠦᠨᠵᠡᠭᠡᠶ ᠲᠠᠶᠢᠯᠤᠮᠵᠢ ᠬᠢᠵᠦ᠂ ᠪᠠᠷᠢᠮᠵᠢᠶ᠎ᠠ ᠭᠤᠶᠤᠴᠢᠯᠠᠨ ᠮᠡᠳᠡᠭᠦᠯᠬᠦ ᠪᠠ ᠲᠣᠭᠲᠠᠭᠠᠵᠤ ᠵᠠᠰᠠᠪᠤᠷᠢ ᠣᠷᠣᠭᠤᠯᠬᠤ ᠵᠡᠷᠭᠡ ᠶᠢ ᠨᠠᠷᠢᠨ ᠲᠠᠶᠢᠯᠪᠤᠷᠢᠯᠠᠪᠠ᠃ ᠬᠢᠴᠢᠶᠡᠯ ᠤᠨ ᠲᠣᠬᠢᠷᠠᠭᠤᠯᠤᠯᠲᠠ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠲᠤᠰᠬᠠᠶ ᠮᠡᠷᠭᠡᠵᠢᠯᠲᠡᠨ ᠤ ᠲᠠᠶᠢᠯᠪᠤᠷᠢᠯᠠᠯᠲᠠ ᠮᠠᠰᠢ ᠴᠢᠩᠭ᠎ᠠ ᠣᠨᠣᠯ ᠤᠨ ᠴᠢᠨᠠᠷ᠂ ᠵᠢᠯᠣᠭᠤᠳᠬᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ᠃  ᠲᠤᠰ ᠭᠠᠵᠠᠷ ᠤᠨ ᠪᠣᠯᠪᠠᠰᠤᠷᠠᠯ ᠢᠶᠠᠷ ᠳᠠᠮᠵᠢᠨ᠂ ᠪᠦᠬᠦ ᠣᠷᠣᠨ ᠤ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠬᠤ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠠᠵᠢᠯᠲᠠᠨ ᠤ ᠪᠠᠷᠢᠮᠵᠢᠶᠠᠵᠢᠭᠤᠯᠬᠤ ᠲᠤᠬᠠᠶ ᠲᠠᠨᠢᠯᠲᠠ ᠶᠢ ᠭᠦᠨᠵᠡᠭᠡᠶᠢᠷᠡᠭᠦᠯᠦᠨ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠪᠠ᠃  ᠮᠠᠨ ᠤ ᠣᠷᠣᠨ ᠤ ᠤᠰᠤᠨ ᠠᠰᠢᠭᠯᠠᠯᠲᠠ ᠶᠢᠨ ᠳᠠᠭᠠᠭᠠᠴᠢᠯᠠᠯᠲᠠ ᠶᠢᠨ ᠵᠥᠪᠯᠡᠯ ᠤᠨ ᠭᠡᠰᠢᠭᠦᠨ᠂ ᠪᠠᠷᠢᠮᠵᠢᠶᠠᠵᠢᠭᠤᠯᠤᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠭᠤᠤᠯᠯᠠᠭᠴᠢ ᠬᠦᠴᠦᠨ ᠵᠡᠷᠭᠡ ᠨᠡᠶᠢᠲᠡ 156 ᠬᠥᠮᠦᠨ ᠪᠣᠯᠪᠠᠰᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号