9 ᠳ᠋ᠦ᠋ᠭᠡᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠤᠰᠤᠨ ᠰᠢᠨᠵᠢᠯᠡᠭᠡᠨ ᠤ ᠤᠰᠤᠨ ᠤ ᠡᠬᠢ | ᠪᠠᠶᠠᠯᠢᠭ ᠤᠨ ᠲᠥᠪ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠠᠵᠢᠯ ᠤᠨ | ᠬᠤᠷᠠᠯ ᠬᠤᠷᠠᠯᠳᠤᠭᠤᠯᠵᠤ᠂ ᠣᠶᠢᠷ᠎ᠠ ᠳᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠬᠤ ᠲᠥᠪ ᠤᠨ ᠪᠠᠶᠢᠭᠤᠯᠭ᠎ᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ | ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠭᠤᠤᠯ | ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠡᠷᠬᠢᠯᠡᠭᠴᠢ ᠢᠦᠶ ᠴᠢᠩ ᠹᠧᠩ ᠬᠤᠷᠠᠯ ᠢ ᠡᠷᠭᠢᠯᠡᠵᠦ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠵᠥᠩ ᠱᠠᠨ ᠬᠤᠷᠠᠯ ᠳᠤ ᠣᠷᠣᠯᠴᠠᠪᠠ᠃ | | | | | | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠨᠢᠭᠡ ᠳᠤ᠂ | ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠪᠠᠶᠢᠳᠠᠯ ᠳᠣᠣᠷ᠎ᠠ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ | ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠣᠳᠣᠷᠬᠠᠢ ᠲᠠᠨᠢᠵᠤ᠂ ᠨᠢᠭᠤᠴᠠ ᠶᠢ ᠬᠠᠮᠠᠭᠠᠯᠠᠬᠤ ᠠᠵᠢᠯ ᠢ | ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ | ᠤᠬᠠᠮᠰᠠᠷ ᠠᠴᠠ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠵᠦᠷᠢᠶ᠎ᠡ ᠪᠠᠨ ᠲᠣᠳᠣᠷᠬᠠᠢ ᠲᠠᠨᠢᠵᠤ᠂ | ᠨᠢᠭᠤᠴᠠ ᠶᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠤᠲᠠᠭᠤᠳᠠᠯ ᠢᠶᠠᠨ | ᠭᠦᠨᠵᠡᠭᠡᠢ ᠲᠤᠩᠭᠠᠨ ᠪᠣᠳᠣᠯᠬᠢᠯᠠᠵᠤ᠂ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠤᠨ᠂ ᠨᠢᠭᠤᠴᠠ ᠶᠢ | ᠬᠠᠮᠠᠭᠠᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠭᠤᠣᠯᠳᠠᠯᠭ᠎ᠠ ᠶᠢ ᠲᠤᠪᠤᠶᠢᠯᠭᠠᠨ᠂ ᠨᠢᠭᠤᠴᠠ ᠳᠤ ᠬᠤᠯᠪᠣᠭᠳᠠᠬᠤ ᠬᠥᠮᠦᠰ ᠤᠨ ᠬᠥᠮᠦᠵᠢᠯ | ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠣᠭᠤᠮᠲᠠ ᠶᠢ ᠰᠠᠶᠢᠲᠤᠷ ᠡᠵᠡᠮᠳᠡᠨ᠂ ᠲᠦᠷᠢᠮ ᠢ ᠪᠦᠷᠢᠨᠰᠢᠬᠦᠯᠵᠤ᠂ | ᠨᠢᠭᠤᠴᠠ ᠶᠢ ᠬᠠᠮᠠᠭᠠᠯᠠᠬᠤ ᠠᠵᠢᠯ ᠤᠨ ᠵᠢᠷᠤᠮᠵᠢᠭᠰᠠᠨ ᠠᠵᠢᠯᠯᠠᠭᠠᠨ ᠢ ᠠᠬᠢᠭᠤᠯᠬᠤ ᠬᠡᠷᠡᠭᠲᠡᠢ᠃ ᠳᠥᠷᠪᠡ ᠳᠤ᠂ | ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠲᠦᠭᠰᠢᠭᠦᠷᠢ ᠶᠢᠨ | ᠳᠠᠯᠳᠠ ᠬᠡᠮ ᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠳᠠᠯᠠᠵᠤ᠂ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠠᠵᠢᠯ ᠢ ᠰᠢᠨ᠎ᠡ | ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠡᠶ᠃ | ᠲᠥᠪ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠬᠠᠮᠢᠶ᠎ᠠ ᠪᠥᠬᠦᠶ ᠨᠢᠭᠤᠴᠠ ᠳᠤ ᠬᠤᠯᠪᠣᠭᠳᠠᠬᠤ | ᠬᠥᠮᠦᠰ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠪᠢᠶᠠᠷᠢ ᠲᠥᠪ ᠤᠨ ᠤᠳᠤᠷᠢᠳᠬᠤ | ᠪᠠᠭ ᠤᠨ ᠪᠦᠷᠢᠯᠳᠦᠬᠦᠨ ᠵᠢᠴᠢ ᠬᠠᠮᠢᠶ᠎ᠠ ᠪᠥᠬᠦᠶ ᠨᠢᠭᠤᠴᠠ ᠳᠤ ᠬᠤᠯᠪᠣᠭᠳᠠᠬᠤ ᠬᠥᠮᠦᠰ ᠸᠢᠳᠢᠣ᠋ ᠬᠡᠯᠪᠡᠷᠢ ᠪᠠᠷ | ᠬᠤᠷᠠᠯ ᠳᠤ ᠣᠷᠣᠯᠴᠠᠪᠠ᠃ | |