ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠵᠡᠭᠦᠨ ᠬᠡᠰᠡᠭ ᠤᠨ ᠣᠷᠣᠨ︶ ᠶᠢᠨ ᠲᠤᠬᠠᠶ ᠶᠢᠨ ᠭᠠᠵᠠᠷ ᠤᠨ ᠬᠤᠷᠠᠯ ᠤᠯᠠᠭᠠᠨᠬᠠᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/6
  9 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠯᠠᠭᠠᠨᠬᠠᠳᠠ ᠳᠤ ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠵᠡᠭᠦᠨ ᠬᠡᠰᠡᠭ ᠤᠨ ᠣᠷᠣᠨ︶ ᠶᠢᠨ ᠲᠤᠬᠠᠶ ᠶᠢᠨ ᠭᠠᠵᠠᠷ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠤᠷᠠᠯ ᠳᠤ ᠣᠷᠣᠯᠴᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠭᠤᠤ ᠮᠢᠩ ᠲᠠᠩ ᠬᠤᠷᠠᠯ ᠢ ᠡᠷᠭᠢᠯᠡᠵᠦ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠹᠦ᠋ ᠱᠸᠦ ᠯᠢ ᠪᠠᠶᠠᠷ ᠤᠨ ᠦᠭᠡ ᠬᠡᠯᠡᠪᠡ᠃
现场会在赤峰召开.jpg
  ᠲᠣᠰ ᠤᠳᠠᠭᠠᠨ ᠤ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠤᠰᠤ ᠡᠵᠡᠮᠳᠡᠬᠦ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠳᠠᠬᠢᠨ ᠨᠢᠭᠡ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠶᠢᠨ ᠲᠥᠯᠥᠭᠡ ᠬᠤᠷᠠᠯᠳᠤᠭᠤᠯᠤᠭᠰᠠᠨ ᠶᠤᠮ᠃ ᠡᠭᠦᠨ ᠠᠴᠠ       ᠡᠮᠦᠨ᠎ᠡ᠂ 8 ᠳ᠋ᠤᠭᠠᠷ ᠰᠠᠷ᠎ᠠ ᠶᠢᠨ 25 ᠤ ᠡᠳᠦᠷ ᠪᠠᠶᠠᠨᠨᠠᠭᠤᠷ ᠲᠤ ︵ᠪᠠᠷᠠᠭᠤᠨ ᠣᠷᠣᠨ ᠤ ᠬᠡᠰᠡᠭ ᠲᠣᠭᠤᠷᠢᠭ︶ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ᠃  ᠬᠤᠷᠠᠯ ᠳᠡᠭᠡᠷ᠎ᠡ᠂ ᠭᠤᠤ ᠮᠢᠩ ᠲᠠᠩ ᠵᠡᠭᠦᠨ ᠬᠡᠰᠡᠭ ᠤᠨ ᠭᠠᠵᠠᠷ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠮᠡᠳᠡᠭᠡᠯᠡᠵᠦ᠂ ᠡᠯ᠎ᠡ ᠭᠠᠵᠠᠷ ᠣᠷᠣᠨ ᠤ ᠥᠭᠡᠷᠡᠴᠢᠯᠡᠯᠲᠡ ᠶᠢᠨ ᠠᠵᠢᠯ ᠢ ᠶᠡᠷᠦᠩᠬᠡᠶ ᠳᠡᠭᠡᠨ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠂ ᠭᠡᠪᠡᠴᠦ ᠥᠭᠡᠷᠡᠴᠢᠯᠡᠯᠲᠡ ᠶᠢᠨ ᠦᠷᠭᠦᠯᠵᠢᠯᠡᠨ ᠠᠭᠢᠬᠤ ᠶᠢ ᠳᠠᠭᠠᠯᠳᠤᠨ᠂ ᠪᠠᠰᠠ ᠥᠭᠡᠷᠡᠴᠢᠯᠡᠯᠲᠡ ᠶᠢᠨ ᠶᠡᠷᠦᠩᠬᠡᠶ ᠬᠠᠷᠠᠯᠲᠠ ᠲᠣᠳᠣᠷᠬᠠᠶ ᠥᠬᠡᠶ᠂ ᠬᠠᠮᠵᠢᠯᠴᠠᠨ ᠠᠬᠢᠭᠤᠯᠬᠤ ᠡᠷᠴᠢᠮ ᠬᠦᠷᠦᠯᠴᠡᠬᠦ ᠥᠬᠡᠶ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠨᠢ ᠪᠣᠳᠠᠲᠠᠶ ᠪᠢᠰᠢ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠠᠷᠠᠬᠠᠨ ᠪᠠᠶᠢᠭᠤᠯᠤᠭᠠᠳᠤᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃
现场会在赤峰召开2.jpg
  ᠬᠥᠯᠥᠨ ᠪᠤᠶᠢᠷ ᠬᠤᠲᠠ ᠶᠢᠨ ᠠᠷᠤᠨ ᠬᠤᠰᠢᠭᠤ᠂ ᠬᠢᠩᠭᠠᠨ ᠠᠶᠢᠮᠠᠭ ᠤᠨ ᠤᠯᠠᠭᠠᠨᠬᠤᠲᠠ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤ᠂ 5 ᠭᠠᠵᠠᠷ ᠣᠷᠣᠨ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠰᠡᠳᠬᠢᠮᠵᠢ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ᠂ ᠨᠡᠶᠢᠲᠡᠯᠢᠭ ᠲᠤᠷᠰᠢᠯᠭ᠎ᠠ ᠶᠢᠨ ᠲᠤᠬᠠᠶ ᠰᠠᠨᠠᠯ ᠢᠶᠠᠨ ᠰᠣᠯᠢᠯᠴᠠᠪᠠ᠃  ᠱᠧᠩ ᠰᠢᠶᠤᠤ ᠶᠢᠦ ᠳ᠋ᠦᠩᠨᠡᠯᠲᠡ ᠶᠢᠨ ᠶᠠᠷᠢᠶᠠᠨ ᠳᠠᠭᠠᠨ ︽ᠭᠤᠷᠪᠠᠨ ᠦᠨᠳᠦᠰᠦᠨ ᠬᠤᠪᠢᠷᠠᠯᠲᠠ ᠥᠬᠡᠶ︾ ᠭᠡᠳᠡᠭ ᠢᠶᠠᠷ ᠮᠠᠨ ᠤ ᠣᠷᠣᠨ ᠤ ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ︔ ︽ᠬᠡᠮᠵᠢᠯᠲᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠰᠠᠭᠤᠷᠢ ᠶᠢ ᠪᠠᠬᠢᠵᠢᠭᠦᠯᠬᠦ︾᠂ ︽ᠦᠨ᠎ᠡ ᠬᠠᠩᠰᠢ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠵᠠᠩᠭᠢᠯᠠᠭ᠎ᠠ ᠶᠢ ᠴᠢᠩᠭ᠎ᠠ ᠠᠩᠬᠠᠷᠬᠤ︾᠂ ︽ᠱᠠᠩᠨᠠᠵᠤ ᠲᠣᠷᠭᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾᠂ ︽ᠦᠵᠦᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠭᠡᠷᠡᠴᠢᠯᠡᠯᠲᠡ ᠶᠢᠨ ᠲᠡᠭᠦᠰᠬᠡᠯ ᠢ ᠰᠢᠯᠤᠭᠤᠳᠬᠠᠬᠤ︾ ᠵᠡᠷᠭᠡ ᠳᠥᠷᠪᠡᠨ ᠲᠠᠯ᠎ᠠ ᠠᠴᠠ᠂ ᠭᠤᠤᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠳᠤ ᠲᠣᠳᠣᠷᠬᠠᠶ ᠱᠠᠭᠠᠷᠳᠠᠯᠭ᠎ᠠ ᠳᠤᠷᠠᠳᠪᠠ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ᠂ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠷᠠᠭᠤᠯᠬᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠬᠤ ᠵᠡᠷᠭᠡ ᠭᠤᠷᠪᠠᠨ ᠲᠠᠯ᠎ᠠ ᠠᠴᠠ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠲᠤᠬᠠᠶ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃
现场会在赤峰召开3.jpg
  ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠤᠰᠤᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠦᠨᠳᠤᠷᠴᠡ ᠳᠤ ᠵᠣᠭᠰᠣᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠠᠷᠢᠶᠠᠯᠠᠩ ᠤᠨ ᠤᠰᠤ ᠶᠢ ᠭᠦᠨᠵᠡᠭᠡᠶ ᠠᠷᠪᠢᠯᠠᠬᠤ ᠶᠢ ᠠᠬᠢᠭᠤᠯᠬᠤ ᠭᠤᠤᠯ ᠭᠠᠷᠳᠠᠴᠠ ᠪᠣᠯᠭᠠᠵᠤ᠂ ᠥᠭᠡᠷᠡᠴᠢᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠨᠢᠭᠡ ᠵᠢᠯ ᠪᠡᠶᠡᠯᠡᠭᠦᠯᠬᠦ ᠪᠣᠳᠠᠲᠠᠶ ᠠᠵᠢᠯᠯᠠᠭ᠎ᠠ ᠳᠤᠮᠳᠠ ᠨᠠᠶᠢᠳᠠᠪᠤᠷᠢᠵᠢᠭᠤᠯᠬᠤ ᠬᠡᠷᠡᠭᠲᠡᠶ︔ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠥᠭᠡᠷᠡᠴᠢᠯᠡᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ︔ ᠲᠦᠷᠢᠮ ᠲᠣᠭᠲᠠᠭᠠᠯ ᠲᠣᠭᠲᠠᠭᠠᠬᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃  ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠰᠦᠩᠱᠠᠨ ᠲᠣᠭᠤᠷᠢᠭ ᠤᠨ ᠬᠠᠷᠠᠳᠤ ᠬᠠᠭᠠᠯᠭ᠎ᠠ ᠪᠠᠯᠭᠠᠰᠤ ᠶᠢᠨ ᠬᠡᠪᠴᠢᠶᠡᠵᠢᠭᠦᠯᠦᠭᠰᠡᠨ ᠤᠰᠤ ᠠᠷᠪᠢᠯᠠᠬᠤ ᠵᠢᠱᠢᠶ᠎ᠡ ᠦᠵᠡᠭᠦᠯᠬᠦ ᠲᠣᠭᠤᠷᠢᠭ ᠪᠣᠯᠤᠨ ᠰᠦᠩᠱᠠᠨ ᠲᠣᠭᠤᠷᠢᠭ ᠤᠨ ᠲᠠᠢ ᠫᠢᠩ ᠳ᠋ᠢ ᠪᠠᠯᠭᠠᠰᠤ ᠶᠢᠨ ᠱᠠᠨ ᠴᠢᠶᠠᠨ ᠲᠣᠰᠬᠤᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠨᠡᠶᠢᠭᠡᠮᠯᠢᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠺᠣᠮᠫᠠᠨᠢᠴᠢᠯᠠᠨ ᠡᠵᠡᠩᠨᠡᠬᠦ ᠵᠠᠭᠪᠤᠷ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠪᠠᠶᠢᠳᠠᠯ᠂ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠪᠠᠷ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠵᠢᠴᠢ ᠬᠥᠳᠡᠭᠡ ᠲᠣᠰᠬᠤᠨ ᠤ ᠤᠰᠤ ᠬᠡᠷᠡᠭᠯᠡᠬᠦ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠯᠪᠣᠭᠳᠠᠯ ᠪᠥᠬᠦᠶ ᠭᠠᠵᠠᠷ ᠠᠯᠪᠠᠨ ᠬᠡᠷ ᠪᠣᠯᠤᠨ ᠨᠢᠭᠡᠴᠢ ᠶᠢᠨ ᠬᠠᠷᠢᠭᠤᠴᠠᠯᠭᠠᠲᠠᠨ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ         ᠬᠤᠲᠠ᠂ ᠰᠢᠯᠢ ᠶᠢᠨ ᠭᠤᠤᠯ ᠠᠶᠢᠮᠠᠭ ᠵᠡᠷᠭᠡ 5 ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠭᠤᠤᠯ ᠬᠠᠷᠢᠭᠤᠴᠠᠯᠭᠠᠲᠠᠨ ᠨᠥᠬᠦᠳ᠂ ᠥᠭᠡᠷᠡᠴᠢᠯᠡᠯᠲᠡ ᠳᠤ ᠬᠤᠯᠪᠣᠭᠳᠠᠭᠰᠠᠨ 33 ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠳᠠᠷᠤᠭ᠎ᠠ ᠬᠤᠷᠠᠯ ᠳᠤ ᠣᠷᠣᠯᠴᠠᠵᠠᠶ᠃  ︵ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠬᠡᠯᠲᠡᠰ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号