ᠬᠤᠯᠪᠣᠭᠳᠠᠯ ᠪᠦᠬᠦᠢ ᠨᠢᠭᠡᠴᠢ ᠨᠦᠭᠦᠳ ᠲᠤ᠄ | ︽2023 ᠣᠨ ᠤ ᠤᠰᠤᠨ ᠠᠰᠢᠭᠯᠠᠯᠲᠠ ᠶᠢᠨ ︿ᠠᠶᠤᠯᠭᠦᠢ ᠦᠭᠡᠢ ᠦᠢᠯᠡᠳᠪᠦᠷᠢᠯᠡᠯ ᠤᠨ ᠰᠠᠷ᠎ᠠ﹀ ᠶᠢᠨ | ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ | ﹇2023﹈ 54 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠣᠷᠣᠨ ᠤ ᠡᠯ᠎ᠡ ᠱᠠᠲᠤᠨ ᠤ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠤᠷᠠᠯ | ᠨᠢᠭᠡᠪᠦᠷᠢ ᠪᠠᠴᠢᠮ ᠪᠠᠶᠢᠳᠠᠯ ᠢ ᠠᠷᠭᠠᠴᠠᠬᠤ︾ ᠭᠤᠤᠯ ᠰᠡᠳᠦᠪ ᠤᠨ ᠲᠣᠭᠤᠷᠢᠨ ᠳᠤ᠂ ᠠᠯᠢ ᠣᠯᠠᠨ ᠭᠤᠤᠯ | ᠰᠡᠳᠦᠪ ᠨᠢ ᠢᠯᠡ ᠲᠣᠳᠣ᠂ ᠭᠤᠤᠯᠳᠠᠯᠭ᠎ᠠ ᠨᠢ ᠲᠣᠪᠤᠶᠢᠮ᠎ᠠ᠂ ᠡᠯᠪᠡᠭ ᠪᠠᠶᠠᠯᠢᠭ ᠪᠥᠭᠡᠳ ᠦᠷ᠎ᠡ ᠪᠦᠲᠦᠮᠵᠢ ᠲᠠᠢ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ | ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠤᠰᠤᠨ | ᠠᠰᠢᠭᠯᠠᠯᠲᠠ ᠶᠢᠨ ᠠᠶᠤᠯᠭᠦᠢ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ᠵᠢᠷᠭᠤᠭᠠᠨ | ᠵᠦᠢᠯ ᠤᠨ ᠲᠣᠭᠲᠠᠴᠠ︾ ᠶᠢᠨ ᠰᠦᠯᠵᠢᠶᠡᠨ ᠤ ᠰᠡᠳᠦᠪ ᠬᠠᠷᠢᠭᠤᠯᠬᠤ ᠠᠵᠢᠯᠯᠠᠭ᠎ᠠ᠂ ᠤᠰᠤᠨ ᠠᠰᠢᠭᠯᠠᠯᠲᠠ ᠶᠢᠨ | ᠠᠶᠤᠯᠭᠦᠢ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠰᠦᠯᠵᠢᠶᠡᠨ ᠤ ᠤᠷᠤᠯᠳᠤᠭᠠᠨ ︽ᠤᠰᠤᠨ ᠤ ᠠᠮᠤᠷ | ᠲᠦᠪᠰᠢᠨ ᠤ ᠵᠠᠩᠵᠤᠨ︾ ᠤ ᠠᠵᠢᠯᠯᠠᠭ᠎ᠠ ᠪᠠ 2023 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ | ᠠᠶᠤᠯᠭᠦᠢ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠦᠷ᠎ᠡ ᠪᠦᠲᠦᠭᠡᠯ ᠢ | ᠰᠢᠯᠭᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠳᠤ ᠣᠷᠣᠯᠴᠠᠭᠰᠠᠨ ᠲᠡᠷᠢᠭᠦᠨ ᠤ ᠨᠢᠭᠡᠴᠢ ᠪᠠ ᠬᠤᠪᠢ ᠬᠥᠮᠦᠨ ᠢ | ᠵᠠᠷᠯᠠᠨ ᠰᠠᠶᠢᠰᠢᠶᠠᠪᠠ᠃ ᠡᠯ᠎ᠡ ᠭᠠᠵᠠᠷ ᠣᠷᠣᠨ᠂ ᠡᠯ᠎ᠡ ᠨᠢᠭᠡᠴᠢ ᠨᠦᠭᠦᠳ ᠲᠡᠷᠢᠭᠦᠨ ᠤ ᠬᠢ ᠪᠠᠷ ᠳᠠᠭᠤᠷᠢᠶᠠᠯ ᠪᠣᠯᠭᠠᠨ᠂ | ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠴᠥᠬᠦᠷᠡᠯ ᠦᠭᠡᠶ ᠰᠠᠶᠢᠲᠤᠷ ᠬᠢᠵᠦ᠂ | ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠵᠤ᠂ ᠪᠦᠬᠦ | ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ | ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠤᠰᠤᠨ | ᠠᠰᠢᠭᠯᠠᠯᠲᠠ ᠶᠢᠨ ︽ᠠᠶᠤᠯᠭᠦᠢ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢᠨ ᠱᠠᠩᠨᠠᠯ | ᠭᠥᠷᠳᠡᠭᠰᠡᠨ ᠨᠡᠷᠡᠰ.docx | | |