ᠰᠢᠭᠤᠳ ᠬᠠᠷᠢᠶ᠎ᠠ ᠨᠢᠭᠡᠴᠢ
ᠨᠡᠶᠢᠲᠡᠯᠡᠭᠰᠡᠨ ᠴᠠᠭ᠄
2024/1/10
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠦᠭᠵᠢᠯᠲᠡ ᠶᠢᠨ ᠲᠦᠪ  1 . ᠤᠰᠤᠨ ᠠᠰᠢᠭᠯᠠᠯᠲᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠲᠤᠰᠬᠠᠶ ᠠᠵᠢᠯ ᠤᠨ ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃ ᠤᠰᠤᠨ ᠠᠰᠢᠭᠯᠠᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃ ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠲᠥᠯᠥᠪᠵᠢᠭᠦᠯᠭᠡ᠂ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ᠂ ᠠᠩᠬ᠎ᠠ ᠠᠯᠬᠤᠮ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠵᠡᠷᠭᠡ ᠬᠤᠯᠪᠣᠭᠳᠠᠯ ᠪᠦᠬᠦᠢ ᠮᠡᠳᠡᠭᠦᠯᠦᠯᠲᠡ ᠪᠠ ᠲᠥᠰᠦᠯ ᠮᠡᠷᠭᠡᠵᠢᠯ ᠤᠨ ᠲᠤᠯᠭᠠᠭᠤᠷᠢᠯᠠᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  2 . ᠪᠦᠬᠦ ᠣᠷᠣᠨ ᠤ ᠤᠰᠤ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠯᠲᠠ ᠲᠠᠯᠪᠢᠵᠤ ᠬᠠᠮᠢᠶᠠᠷᠬᠤ ᠪᠠ ᠬᠢᠨᠠᠨ ᠬᠡᠮᠵᠢᠵᠦ ᠦᠨᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠤᠰᠤ ᠰᠢᠷᠣᠶ ᠶᠢᠨ ᠢᠳᠡᠭᠳᠡᠯ ᠢ ᠪᠠᠶᠢᠴᠠᠭᠠᠬᠤ᠂ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  3 . ᠬᠥᠳᠡᠭᠡ ᠲᠣᠰᠬᠤᠨ ᠤ ᠤᠰᠤᠨ ᠠᠰᠢᠭᠯᠠᠯᠲᠠ ᠪᠣᠯᠤᠨ ᠬᠥᠳᠡᠭᠡ ᠲᠣᠰᠬᠤᠨ ᠤ ᠤᠰᠤᠨ ᠴᠠᠬᠢᠯᠭᠠᠨ ᠵᠡᠷᠭᠡ ᠬᠠᠮᠢᠶ᠎ᠠ ᠪᠦᠬᠦᠢ ᠠᠵᠢᠯ ᠤᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠤᠨ ᠲᠣᠮᠣ ᠳᠤᠮᠳᠠ ᠬᠡᠯᠪᠡᠷᠢ ᠶᠢᠨ ᠤᠰᠤᠯᠠᠬᠤ ᠤᠰᠤ ᠵᠠᠯᠠᠬᠤ ᠬᠥᠭᠡᠷᠭᠡ ᠶᠢᠨ ᠥᠷᠲᠡᠭᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  4 . ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ᠂ ᠤᠰᠤᠨ ᠤ ᠡᠬᠢ ᠪᠠᠶᠠᠯᠢᠭ ᠤᠨ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠰᠢᠯᠭᠠᠨ ᠬᠢᠨᠠᠬᠤ ᠵᠡᠷᠭᠡ ᠬᠠᠮᠢᠶ᠎ᠠ ᠪᠦᠬᠦᠢ ᠰᠢᠯᠭᠠᠨ ᠬᠢᠨᠠᠬᠤ ᠵᠠᠰᠠᠭ ᠵᠠᠬᠢᠷᠭᠠᠨ ᠤ ᠴᠢᠨᠠᠷᠲᠠᠶ ᠲᠤᠰᠠᠯᠠᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠤᠰᠤᠨ ᠤ ᠡᠷᠬᠡ ᠶᠢ ᠬᠤᠳᠠᠯᠳᠤᠨ ᠠᠪᠴᠤ ᠬᠠᠳᠠᠭᠠᠯᠠᠬᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠬᠢᠭᠡᠳ ᠠᠷᠠᠯᠵᠢᠶᠠᠯᠠᠬᠤ ᠮᠡᠷᠭᠡᠵᠢᠯ ᠤᠨ ᠲᠤᠯᠭᠠᠭᠤᠷᠢᠯᠠᠯ ᠪᠣᠯᠤᠨ ᠵᠠᠰᠠᠭ ᠵᠠᠬᠢᠷᠭᠠᠨ ᠤ ᠬᠠᠪᠰᠤᠷᠤᠮᠵᠢ ᠶᠢᠨ ᠴᠢᠨᠠᠷᠲᠠᠶ ᠠᠵᠢᠯ ᠢ ᠡᠭᠦᠷᠭᠡᠯᠡᠨ᠎ᠡ᠃ ᠤᠰᠤ ᠶᠢ ᠠᠷᠪᠢᠯᠠᠨ ᠬᠡᠷᠡᠭᠯᠡᠬᠦ ᠵᠢᠴᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  5 . ᠪᠦᠬᠦ ᠣᠷᠣᠨ ᠤ ᠤᠰᠤᠨ ᠠᠰᠢᠭᠯᠠᠯᠲᠠ ᠶᠢᠨ ᠣᠷᠣᠨ ᠨᠤᠲᠤᠭ ᠤᠨ ᠬᠠᠤᠯᠢ ᠲᠣᠭᠲᠠᠭᠠᠬᠤ ᠲᠥᠷᠥᠯ ᠵᠦᠢᠯ ᠤᠨ ᠰᠠᠨᠠᠭᠤᠯᠭ᠎ᠠ ᠵᠢᠴᠢ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠢ ᠲᠤᠭᠤᠷᠪᠢᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠠ᠂ ᠳᠦᠷᠢᠮ ᠵᠢᠷᠤᠮᠵᠢᠯ ᠢ ᠰᠤᠳᠤᠯᠬᠤ᠂ ᠨᠠᠶᠢᠷᠠᠭᠤᠯᠤᠨ ᠵᠣᠬᠢᠶᠠᠬᠤ᠂ ᠤᠬᠠᠭᠤᠯᠬᠤ᠂ ᠳᠡᠯᠭᠡᠷᠡᠭᠦᠯᠦᠨ ᠬᠡᠷᠡᠭᠯᠡᠬᠦ ᠵᠢᠴᠢ ᠦᠨᠡᠯᠡᠨ ᠵᠢᠱᠢᠬᠦ ᠵᠡᠷᠭᠡ ᠠᠵᠢᠯ ᠳᠤ ᠣᠷᠣᠯᠴᠠᠨ᠎ᠠ᠃  6 . ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠵᠢᠴᠢ ᠶᠠᠰᠤ ᠴᠢᠨᠠᠷ ᠤᠨ ᠠᠳᠡᠯ ᠢ ᠪᠠᠶᠢᠴᠠᠭᠠᠬᠤ ᠵᠡᠷᠭᠡ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  7 . ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠴᠢᠨᠠᠷᠲᠠᠶ ᠪᠠ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠤᠯ ᠬᠢᠭᠡᠳ ᠳᠦᠷᠢᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  8 . ᠭᠤᠤᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠲᠦᠷᠢᠮ ᠤᠨ ᠠᠵᠢᠯ ᠢ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠵᠡᠷᠭᠡ ᠬᠤᠯᠪᠣᠭᠳᠠᠯ ᠪᠥᠬᠦᠶ ᠠᠵᠢᠯ ᠶᠠᠪᠤᠳᠠᠯ ᠤᠨ ᠴᠢᠨᠠᠷᠲᠠᠶ ᠠᠵᠢᠯ ᠪᠠ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ︔ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠵᠢᠴᠢ ᠲᠡᠭᠦᠨ ᠤ ᠡᠷᠭᠢ ᠳᠠᠭᠠᠤ ᠶᠢᠨ ᠬᠠᠮᠢᠶᠠᠷᠤᠯᠲᠠ᠂ ᠭᠤᠤᠯ ᠮᠥᠷᠡᠨ ᠨᠠᠭᠤᠷ ᠴᠥᠭᠦᠷᠥᠮ ᠳᠠᠷᠤᠭ᠎ᠠ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠳᠤ ᠬᠤᠯᠪᠣᠭᠳᠠᠬᠤ ᠠᠵᠢᠯ ᠶᠠᠪᠤᠳᠠᠯ ᠤᠨ ᠴᠢᠨᠠᠷᠲᠠᠶ ᠠᠵᠢᠯ ᠪᠠ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾᠂ ᠭᠤᠤᠯ ᠤᠨ ᠵᠠᠮ ᠠᠴᠠ ᠬᠠᠶᠢᠷ ᠮᠠᠯᠲᠠᠬᠤ ᠶᠢ ᠬᠢᠨᠠᠨ ᠬᠠᠮᠢᠶᠠᠷᠬᠤ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠠᠵᠢᠯᠯᠠᠭ᠎ᠠ ᠶᠢ ᠬᠢᠨᠠᠨ ᠬᠠᠮᠢᠶᠠᠷᠬᠤ ᠬᠤᠯᠪᠣᠭᠳᠠᠯ ᠪᠦᠬᠦᠢ ᠲᠤᠰᠠᠯᠠᠬᠤ ᠴᠢᠨᠠᠷᠲᠠᠶ ᠠᠵᠢᠯ ᠪᠠ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  9 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃    ᠳᠣᠲᠣᠭᠠᠳᠤ ᠶᠢᠨ ᠪᠠᠶᠢᠭᠤᠯᠣᠮᠵᠢ᠄ ᠠᠯᠪᠠᠨ ᠭᠡᠷ᠂ ᠠᠵᠢᠯᠲᠠᠨ ᠤ ᠶᠠᠪᠤᠳᠠᠯ ᠤᠨ ᠬᠡᠯᠲᠡᠰ  ᠂ ᠡᠳ᠋ ᠤᠨ ᠶᠠᠪᠤᠳᠠᠯ ᠤᠨ ᠬᠡᠯᠲᠡᠰ᠂ ᠨᠠᠮ ᠣᠯᠠᠨ ᠲᠦᠮᠡᠨ ᠤ ᠠᠵᠢᠯ ᠤᠨ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠶᠡᠷᠦᠩᠬᠡᠶ ᠢᠨᠵᠧᠨᠧᠷ ᠤᠨ ᠠᠯᠪᠠᠨ ᠭᠡᠷ᠂ ᠢᠨᠵᠧᠨᠧᠷᠢᠩ ᠤᠨ ᠲᠥᠯᠥᠪᠵᠢᠭᠦᠯᠭᠡ ᠶᠢᠨ ᠬᠡᠯᠲᠡᠰ᠂ ᠡᠬᠢ ᠪᠠᠶᠠᠯᠢᠭ ᠣᠷᠴᠢᠨ ᠲᠣᠭᠤᠷᠢᠨ ᠤ ᠲᠥᠯᠥᠪᠵᠢᠭᠦᠯᠭᠡ ᠶᠢᠨ ᠬᠡᠯᠲᠡᠰ᠂ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ ᠬᠡᠯᠲᠡᠰ᠂ ᠮᠡᠷᠭᠡᠵᠢᠯ ᠤᠨ ᠬᠢᠨᠠᠨ ᠪᠠᠶᠢᠴᠠᠭᠠᠬᠤ ᠬᠡᠯᠲᠡᠰ᠂ ᠤᠰᠤ ᠰᠢᠷᠣᠶ ᠶᠢ ᠬᠠᠮᠠᠭᠠᠯᠠᠬᠤ ᠬᠡᠯᠲᠡᠰ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠯᠲᠡᠰ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠯᠲᠡᠰ᠂ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠬᠡᠯᠲᠡᠰ᠂ ᠤᠰᠤᠯᠠᠯᠲᠠ ᠤᠰᠤ ᠲᠠᠲᠠᠷᠠᠭᠤᠯᠬᠤ ᠬᠡᠯᠲᠡᠰ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠬᠡᠯᠲᠡᠰ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠬᠤ ᠬᠡᠯᠲᠡᠰ᠂ ᠢᠨᠵᠧᠨᠧᠷᠢᠩ ᠤᠨ ᠠᠵᠢᠯᠯᠠᠭᠠᠨ ᠤ ᠬᠡᠯᠲᠡᠰ᠂ ᠶᠠᠰᠤ ᠴᠢᠨᠠᠷ ᠤᠨ ᠠᠶᠤᠯᠭᠦᠢ ᠶᠢᠨ ᠠᠵᠢᠯ ᠤᠨ ᠬᠡᠯᠲᠡᠰ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠡᠯᠲᠡᠰ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠬᠡᠯᠲᠡᠰ᠂ ᠰᠣᠨᠢᠨ ᠮᠡᠳᠡᠭᠡᠨ ᠤ ᠤᠬᠠᠭᠤᠯᠬᠤ ᠬᠡᠯᠲᠡᠰ᠂   ᠬᠠᠤᠯᠢ ᠪᠠᠷ ᠵᠠᠰᠠᠬᠤ ᠪᠠᠲᠤᠯᠠᠭᠠᠨ ᠤ ᠦᠢᠯᠡᠴᠢᠯᠡᠭᠡᠨ ᠤ ᠭᠠᠵᠠᠷ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠃    ᠠᠵᠢᠯᠯᠠᠬᠤ ᠭᠠᠵᠠᠷ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠣᠮᠧᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0471 – 5259680  ᠬᠠᠷᠢᠭᠤᠴᠠᠯᠭᠠᠲᠠᠨ᠄ ᠵᠠᠩ ᠸᠧᠶᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ  ᠣᠷᠣᠨ ᠤ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠥᠪᠥᠷ ᠮᠣᠩᠭᠤᠯ ᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ᠂ ᠤᠷᠳᠤᠰ ᠤᠨ ᠡᠮᠦᠨᠡᠲᠦ ᠡᠷᠭᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠲᠠᠲᠠᠬᠤ᠂ ᠡᠷᠬᠢᠨ ᠲᠣᠭᠤᠷᠢᠨ  ᠤ ᠭᠠᠵᠠᠷ ᠣᠷᠣᠨ ᠤ ᠠᠮᠢ ᠠᠬᠤᠢ ᠶᠢ ᠵᠠᠰᠠᠬᠤ ᠤᠰᠤ ᠨᠥᠬᠦᠪᠥᠷᠢᠯᠡᠬᠦ᠂ ᠬᠠᠳᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠨᠵᠧᠨᠧᠷᠢᠩ ᠤᠨ ᠠᠶᠤᠯ ᠥᠭᠡᠢ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃  2 . ᠵᠠᠩᠭᠢᠯᠠᠭ᠎ᠠ ᠶᠢᠨ ᠣᠨ ᠤ ᠡᠵᠡᠮᠳᠡᠯ ᠤᠨ ᠠᠵᠢᠯᠯᠠᠭᠠᠨ ᠤ ᠲᠥᠯᠥᠪᠯᠡᠭᠡ ᠪᠣᠯᠤᠨ ᠣᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  3 . ᠵᠠᠩᠭᠢᠯᠠᠭ᠎ᠠ ᠶᠢᠨ ᠢᠨᠵᠧᠨᠧᠷᠢᠩ ᠤᠨ ᠦᠶᠡᠷ ᠤᠨ ᠤᠰᠤ ᠶᠢ ᠬᠤᠷᠢᠭᠯᠠᠬᠤ ᠲᠥᠰᠦᠯ ᠪᠣᠯᠤᠨ ᠦᠶᠡᠷ ᠤᠨ ᠬᠤᠭᠤᠴᠠᠭᠠᠨ ᠤ ᠲᠤᠬᠢᠷᠠᠭᠤᠯᠤᠨ ᠬᠡᠷᠡᠭᠯᠡᠬᠦ ᠲᠥᠯᠥᠪᠯᠡᠭᠡ ᠶᠢ ᠲᠣᠭᠲᠠᠭᠠᠬᠤ᠂ ᠵᠠᠩᠭᠢᠯᠠᠭ᠎ᠠ ᠶᠢᠨ ᠬᠠᠷᠢᠶ᠎ᠠ ᠣᠷᠣᠨ ᠤ ᠰᠥᠩ ᠬᠠᠯᠢᠶ᠎ᠠ ᠦᠶᠡᠷ ᠢ ᠰᠡᠷᠭᠡᠶᠢᠯᠡᠬᠦ᠂ ᠰᠥᠩ ᠢ ᠰᠠᠯᠭᠠᠬᠤ᠂ ᠦᠶᠡᠷ ᠢ ᠰᠠᠯᠭᠠᠬᠤ ᠵᠡᠷᠭᠡ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃  4 . ᠵᠠᠩᠭᠢᠯᠠᠭ᠎ᠠ ᠶᠢᠨ ᠪᠠᠷᠢᠯᠭ᠎ᠠ ᠶᠢᠨ ᠮᠡᠷᠭᠡᠵᠢᠯ ᠢ ᠰᠢᠨᠡᠳᠬᠡᠬᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠲᠤᠰᠬᠠᠢ ᠵᠦᠢᠯ ᠢᠶᠠᠷ ᠵᠠᠰᠠᠬᠤ ᠮᠡᠷᠭᠡᠵᠢᠯ ᠤᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠡᠭᠦᠷᠭᠡᠯᠡᠨ᠎ᠡ᠃  5 . ᠬᠠᠳᠤᠨ ᠭᠤᠣᠯ ᠤᠨ ᠰᠠᠨ ᠱᠧᠩ ᠭᠥᠩ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠤᠰᠤᠨ ᠵᠦᠢ᠂ ᠤᠰᠤᠨ ᠤ ᠪᠠᠶᠢᠳᠠᠯ ᠢ ᠬᠡᠮᠵᠢᠨ ᠮᠡᠳᠡᠭᠦᠯᠬᠦ ᠵᠢᠴᠢ ᠳᠠᠮᠵᠢᠭᠤᠯᠬᠤ ᠵᠡᠷᠭᠡ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ︔ ᠬᠠᠷᠢᠶ᠎ᠠ ᠬᠡᠪᠴᠢᠶᠡᠨ ᠳᠣᠲᠣᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠤᠰᠤ ᠰᠢᠷᠣᠶ ᠶᠢᠨ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  6 . ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠤᠰᠤᠨ ᠤ ᠶᠠᠪᠤᠳᠠᠯ ᠤᠨ ᠬᠤᠯᠪᠣᠭᠳᠠᠯ ᠪᠥᠬᠦᠢ ᠠᠵᠢᠯ ᠢ ᠡᠭᠦᠷᠭᠡᠯᠡᠨ᠎ᠡ᠃  7 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠣᠲᠣᠭᠠᠳᠤ ᠶᠢᠨ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 15 ᠪᠣᠶ᠄ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠵᠠᠬᠢᠷᠭᠠᠨ ᠤ ᠠᠯᠪᠠᠨ ᠬᠡᠷ᠂ ᠠᠵᠢᠯᠲᠠᠨ ᠤ ᠶᠠᠪᠤᠳᠠᠯ ᠤᠨ ᠰᠠᠯᠠᠭ᠎ᠠ᠂ ᠲᠥᠯᠥᠪᠯᠡᠭᠡ ᠶᠢᠨ ᠡᠳ᠋ ᠤᠨ ᠶᠠᠪᠤᠳᠠᠯ ᠤᠨ ᠰᠠᠯᠠᠭ᠎ᠠ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠰᠠᠯᠠᠭ᠎ᠠ᠂ ᠤᠰᠤᠨ ᠤ ᠶᠠᠪᠤᠳᠠᠯ ᠤᠨ ᠬᠠᠮᠠᠭᠠᠯᠠᠯᠲᠠ ᠶᠢᠨ ᠰᠠᠯᠠᠭ᠎ᠠ᠂ ᠠᠷᠤ ᠲᠠᠯ᠎ᠠ ᠶᠢᠨ ᠦᠢᠯᠡᠴᠢᠯᠡᠭᠡ ᠬᠢᠭᠡᠳ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠠᠮᠢᠶᠠᠷᠤᠯᠲᠠ ᠶᠢᠨ ᠰᠠᠯᠠᠭ᠎ᠠ᠂ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ᠂ ᠵᠠᠩᠭᠢᠯᠠᠭ᠎ᠠ ᠶᠢᠨ ᠬᠠᠮᠢᠶᠠᠷᠤᠯᠲᠠ ᠶᠢᠨ ᠭᠠᠵᠠᠷ᠂ ᠤᠰᠤᠨ ᠰᠢᠨᠵᠢᠯᠡᠭᠡᠨ ᠤ ᠲᠤᠷᠰᠢᠯᠲᠠ ᠶᠢᠨ ᠥᠷᠲᠡᠭᠡ᠂ ᠱᠧᠨ ᠡᠤ ᠬᠠᠮᠢᠶᠠᠷᠤᠯᠲᠠ ᠶᠢᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠥᠷᠲᠡᠭᠡ᠂ ᠵᠠᠩᠭᠢᠯᠠᠭ᠎ᠠ ᠶᠢᠨ ᠶᠡᠷᠦᠩᠬᠡᠢ ᠭᠤᠤᠯ ᠰᠤᠪᠠᠭ ᠤᠨ ᠬᠠᠮᠢᠶᠠᠷᠤᠯᠲᠠ ᠶᠢᠨ ᠭᠠᠵᠠᠷ᠂ ᠵᠠᠩᠭᠢᠯᠠᠭ᠎ᠠ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠥᠪ᠂ ᠢᠨᠵᠧᠨᠧᠷᠢᠩ ᠬᠢᠭᠡᠳ ᠭᠤᠤᠯ ᠤᠨ ᠵᠠᠮ ᠤᠨ ᠬᠠᠮᠠᠭᠠᠯᠠᠯᠲᠠ ᠶᠢᠨ ᠠᠵᠢᠯ ᠤᠨ ᠥᠷᠲᠡᠭᠡ᠃    ᠠᠵᠢᠯᠯᠠᠬᠤ ᠭᠠᠵᠠᠷ᠄ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠪᠠᠶᠠᠨᠭᠤᠣᠯ ᠪᠠᠯᠭᠠᠰᠤ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0478 — 4237620  ᠬᠠᠷᠢᠭᠤᠴᠠᠯᠭᠠᠲᠠᠨ᠄ ᠯᠢᠦ ᠰᠢ ᠵᠢᠶᠦ᠋ᠨᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠳ᠋ᠧᠩᠺᠸᠤ ᠶᠢᠨ  ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠳ᠋ᠧᠩᠺᠸᠤ ᠵᠢᠨ‌ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠴᠠᠬᠢᠯᠭᠠᠨ ᠬᠦᠴᠦᠨ ᠢᠶᠠᠷ ᠤᠰᠤ ᠲᠠᠲᠠᠬᠤ ᠪᠠᠷ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠭᠠᠩ ᠬᠠᠭᠰᠠᠷᠠᠭᠠᠨ ᠲᠠᠢ ᠲᠡᠮᠡᠴᠡᠬᠦ ᠳᠤ ᠤᠰᠤᠯᠠᠯᠲᠠ ᠶᠢᠨ ᠦᠢᠯᠡᠴᠢᠯᠡᠭᠡ ᠬᠠᠩᠭᠠᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠢ ᠪᠠᠲᠤᠯᠠᠨ᠂ ᠬᠠᠷᠬᠤᠰᠤ ᠨᠠᠭᠤᠷ ᠤᠨ ᠨᠤᠭᠤ ᠭᠠᠵᠠᠷ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠡᠭᠦᠷᠭᠡ ᠶᠢ ᠡᠭᠦᠷᠭᠡᠯᠡᠨ᠎ᠡ᠃  2 . ᠤᠰᠤᠯᠠᠯᠲᠠ ᠶᠢᠨ ᠣᠷᠣᠨ ᠤ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠲᠤ ᠣᠷᠣᠯᠴᠠᠵᠤ᠂ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠠᠵᠢᠯᠯᠠᠭᠠᠨ ᠤ       ᠬᠠᠮᠠᠭᠠᠯᠠᠯᠲᠠ᠂ ᠮᠡᠷᠭᠡᠵᠢᠯ ᠤᠨ ᠰᠢᠨᠡᠴᠢᠯᠡᠯᠲᠡ ᠥᠭᠡᠷᠡᠴᠢᠯᠡᠯᠲᠡ ᠪᠣᠯᠤᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠥᠳᠥᠭᠡᠨ ᠪᠠᠶᠢᠭᠤᠯᠤᠯᠲᠠ ᠶᠢ ᠡᠭᠦᠷᠭᠡᠯᠡᠨ᠎ᠡ᠃  3 . ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠩᠭᠠᠬᠤ ᠤᠰᠤᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠳᠤ ᠣᠷᠣᠯᠴᠠᠵᠤ᠂ ᠤᠰᠤᠨ ᠤ ᠰᠦᠢᠳᠬᠡᠯ ᠢ ᠪᠣᠳᠣᠵᠤ ᠬᠤᠷᠢᠶᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃  4 . ᠤᠰᠤᠯᠠᠯᠲᠠ ᠶᠢᠨ ᠣᠷᠣᠨ ᠤ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤ ᠲᠠᠲᠠᠵᠤ ᠬᠡᠷᠡᠭᠯᠡᠬᠦ ᠶᠢ ᠲᠣᠬᠢᠷᠠᠭᠤᠯᠬᠤ ᠶᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠪᠠᠶᠢᠭ᠎ᠠ ᠳᠤ ᠬᠢᠨᠠᠯᠲᠠ ᠲᠠᠯᠪᠢᠬᠤ ᠪᠠ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠡᠭᠦᠷᠭᠡᠯᠡᠵᠦ᠂ ᠤᠰᠤᠯᠠᠯᠲᠠ ᠶᠢᠨ ᠣᠷᠣᠨ ᠤ ᠤᠰᠤᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠨ᠎ᠠ᠃  5 . ᠤᠰᠤᠯᠠᠯᠲᠠ ᠶᠢᠨ ᠣᠷᠣᠨ ᠤ ᠬᠠᠷᠢᠶ᠎ᠠ ᠣᠷᠣᠨ ᠤ ᠰᠦᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠢ ᠲᠣᠭᠲᠠᠭᠠᠬᠤ ᠳᠤ ᠣᠷᠣᠯᠴᠠᠵᠤ᠂ ᠤᠰᠤᠯᠠᠯᠲᠠ ᠶᠢᠨ ᠣᠷᠣᠨ ᠤ ᠤᠰᠤ ᠦᠶᠡᠷ ᠤᠨ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠡᠯᠡᠳᠬᠡᠮᠵᠢ ᠶᠢᠨ ᠠᠵᠢᠯᠯᠠᠭᠠᠨ ᠤ ᠠᠮᠤᠷ ᠲᠦᠪᠰᠢᠨ ᠬᠢᠭᠡᠳ ᠬᠠᠮᠠᠭᠠᠯᠠᠯᠲᠠ ᠶᠢ ᠡᠭᠦᠷᠭᠡᠯᠡᠨ᠎ᠡ᠃  6 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ︵ᠬᠤᠶᠠᠷ︶ ᠳᠣᠲᠣᠭᠠᠳᠤ ᠶᠢᠨ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 15 ᠪᠣᠶ᠄ ᠨᠠᠮ ᠤᠨ ᠬᠤᠷᠢᠶᠠᠨ ᠤ ᠠᠯᠪᠠᠨ ᠬᠡᠷ᠂ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠵᠠᠰᠠᠭ ᠵᠠᠬᠢᠷᠭᠠᠨ ᠤ ᠠᠯᠪᠠᠨ ᠬᠡᠷ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠰᠠᠯᠠᠭ᠎ᠠ᠂ ᠲᠥᠯᠥᠪᠯᠡᠭᠡ ᠶᠢᠨ ᠡᠳ᠋ ᠤᠨ ᠶᠠᠪᠤᠳᠠᠯ ᠤᠨ ᠰᠠᠯᠠᠭ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠰᠠᠯᠠᠭ᠎ᠠ᠂ ᠰᠦᠯᠵᠢᠶ᠎ᠡ ᠵᠢᠴᠢ ᠮᠡᠳᠡᠭᠡ ᠵᠠᠩᠭᠢᠵᠢᠯᠲᠠ ᠶᠢᠨ ᠰᠠᠯᠠᠭ᠎ᠠ᠂ ᠤᠰᠤᠯᠠᠯᠲᠠ ᠶᠢᠨ ᠠᠵᠢᠯᠯᠠᠭᠠᠨ ᠤ ᠰᠠᠯᠠᠭ᠎ᠠ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ᠂ ᠤᠰᠤᠨ ᠤ ᠶᠠᠪᠤᠳᠠᠯ ᠤᠰᠤᠨ ᠤ ᠡᠬᠢ ᠪᠠᠶᠠᠯᠢᠭ ᠤᠨ ᠰᠠᠯᠠᠭ᠎ᠠ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ᠂ ᠳᠥᠷᠥᠭᠡᠯᠡᠬᠦ ᠤᠰᠤ ᠲᠠᠲᠠᠬᠤ ᠥᠷᠲᠡᠭᠡ᠂ ᠶᠡᠷᠦᠩᠬᠡᠶ ᠭᠤᠤᠯ ᠰᠤᠪᠠᠭ ᠤᠨ ᠬᠠᠮᠢᠶᠠᠷᠤᠯᠲᠠ ᠶᠢᠨ ᠭᠠᠵᠠᠷ᠂ ᠠᠷᠠᠳ ᠤᠨ ᠠᠮᠢᠳᠤᠷᠠᠯ ᠤᠨ ᠰᠤᠪᠠᠭ ᠤᠨ ᠬᠠᠮᠢᠶᠠᠷᠤᠯᠲᠠ ᠶᠢᠨ ᠭᠠᠵᠠᠷ᠂ ᠶᠤᠸᠠᠢ ᠶᠢᠨ ᠰᠤᠪᠠᠭ ᠤᠨ ᠬᠠᠮᠢᠶᠠᠷᠤᠯᠲᠠ ᠶᠢᠨ ᠭᠠᠵᠠᠷ᠃  ᠠᠵᠢᠯᠯᠠᠬᠤ ᠭᠠᠵᠠᠷ᠄ ᠪᠤᠭᠤᠲᠤ ᠬᠤᠲᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠡᠮᠦᠨ᠎ᠡ ᠵᠠᠮ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0472 — 5210615  ᠬᠠᠷᠢᠭᠤᠴᠠᠯᠭᠠᠲᠠᠨ᠄ ᠴᠧᠩ ᠶᠠᠨ ᠹᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ  ᠣᠷᠣᠨ ᠤ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ  ᠣᠷᠣᠨ ᠤ ᠤᠰᠤᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ‌ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠪᠠ ᠦᠶᠡᠷ ᠢ ᠰᠡᠷᠭᠡᠶᠢᠯᠡᠬᠦ ᠠᠵᠢᠯ ᠢ ᠡᠭᠦᠷᠭᠡᠯᠡᠨ᠎ᠡ᠃  2.ᠤᠰᠤᠨ ᠴᠥᠭᠦᠷᠥᠮ ᠤᠨ ᠡᠳᠦᠷ ᠲᠤᠳᠤᠮ ᠤᠨ ᠠᠵᠢᠯᠯᠠᠭᠠᠨ ᠤ ᠬᠠᠮᠠᠭᠠᠯᠠᠯᠲᠠ ᠬᠠᠮᠢᠶᠠᠷᠤᠯᠲᠠ᠂ ᠤᠰᠤᠨ ᠴᠥᠭᠦᠷᠥᠮ ᠤᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠢᠭᠡᠳ ᠠᠶᠤᠯ ᠥᠭᠡᠢ ᠳᠤ ᠵᠠᠳᠠᠯᠤᠯᠲᠠ ᠬᠢᠬᠦ ᠠᠵᠢᠯ ᠢ ᠡᠭᠦᠷᠭᠡᠯᠡᠨ᠎ᠡ᠃  3 . ᠬᠠᠷᠢᠶ᠎ᠠ ᠣᠷᠣᠨ ᠤ ᠳᠣᠲᠣᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠡᠭᠦᠷᠭᠡᠯᠡᠵᠦ᠂ ᠬᠤᠩᠱᠠᠨ ᠴᠥᠭᠦᠷᠥᠮ ᠤᠨ ᠬᠠᠷᠢᠶ᠎ᠠ ᠣᠷᠣᠨ ᠤ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠤᠬᠢᠷᠠᠭᠤᠯᠬᠤ ᠪᠠ ᠬᠠᠮᠠᠭᠠᠯᠠᠵᠤ ᠬᠠᠮᠢᠶᠠᠷᠬᠤ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃  4 . ᠴᠥᠭᠦᠷᠥᠮ ᠤᠨ ᠣᠷᠣᠨ ᠤ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠤᠰᠤ ᠰᠢᠷᠣᠢ ᠶᠢ ᠬᠠᠮᠠᠭᠠᠯᠠᠬᠤ ᠠᠵᠢᠯ ᠢ ᠡᠭᠦᠷᠭᠡᠯᠡᠵᠦ᠂ ᠭᠠᠵᠠᠷ ᠰᠢᠷᠣᠢ ᠶᠢ ᠬᠠᠤᠯᠢ ᠶᠣᠰᠣᠭᠠᠷ ᠬᠠᠮᠢᠶᠠᠷᠤᠨ ᠬᠠᠮᠠᠭᠠᠯᠠᠨ᠎ᠠ᠃  5 . ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠰᠤᠨ ᠤ ᠶᠠᠪᠤᠳᠠᠯ  ᠤᠨ ᠬᠤᠯᠪᠣᠭᠳᠠᠯ ᠪᠥᠬᠦᠢ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃  6 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠣᠲᠣᠭᠠᠳᠤ ᠶᠢᠨ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 15 ᠪᠣᠶ᠄ ᠠᠯᠪᠠᠨ ᠬᠡᠷ᠂ ᠲᠥᠯᠥᠪᠯᠡᠭᠡ ᠶᠢᠨ ᠡᠳ᠋ ᠤᠨ ᠶᠠᠪᠤᠳᠠᠯ ᠤᠨ ᠰᠠᠯᠠᠭ᠎ᠠ᠂ ᠬᠥᠳᠡᠯᠮᠦᠷᠢ ᠠᠵᠢᠯᠲᠠᠨ ᠤ ᠰᠠᠯᠠᠭ᠎ᠠ᠂ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠶᠡᠷᠦᠩᠬᠡᠶ ᠠᠵᠢᠯ ᠤᠨ ᠠᠯᠪᠠᠨ ᠬᠡᠷ᠂ ᠠᠵᠢᠯᠯᠠᠭᠠᠨ ᠤ ᠬᠠᠮᠢᠶᠠᠷᠤᠯᠲᠠ ᠶᠢᠨ ᠰᠠᠯᠠᠭ᠎ᠠ᠂ ᠢᠨᠵᠧᠨᠧᠷᠢᠩ ᠢ ᠬᠢᠨᠠᠨ ᠬᠡᠮᠵᠢᠬᠦ ᠰᠠᠯᠠᠭ᠎ᠠ᠂ ᠢᠨᠵᠧᠨᠧᠷᠢᠩ  ᠤᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ᠂ ᠤᠰᠤᠨ ᠤ ᠪᠠᠶᠢᠳᠠᠯ ᠢ ᠲᠣᠬᠢᠷᠠᠭᠤᠯᠬᠤ ᠰᠠᠯᠠᠭ᠎ᠠ᠂ ᠤᠰᠤ ᠰᠢᠷᠣᠶ ᠶᠢ ᠬᠠᠮᠠᠭᠠᠯᠠᠬᠤ ᠰᠠᠯᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ᠂ ᠤᠰᠤᠨ ᠤ ᠶᠠᠪᠤᠳᠠᠯ ᠤᠨ ᠰᠠᠯᠠᠭ᠎ᠠ᠂ ᠤᠰᠤ ᠬᠠᠩᠭᠠᠬᠤ ᠰᠠᠯᠠᠭ᠎ᠠ᠂ ᠮᠡᠳᠡᠭᠡ ᠵᠠᠩᠭᠢ ᠶᠢᠨ ᠠᠯᠪᠠᠨ ᠬᠡᠷ᠂ ᠠᠮᠤᠷ ᠲᠦᠪᠰᠢᠨ ᠢ ᠬᠠᠮᠠᠭᠠᠯᠠᠬᠤ ᠰᠠᠯᠠᠭ᠎ᠠ᠃    ᠠᠵᠢᠯᠯᠠᠬᠤ ᠭᠠᠵᠠᠷ᠄ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠤᠳᠤᠨᠲᠣᠬᠤᠢ ᠪᠠᠯᠭᠠᠰᠤ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0476 — 6418890  ᠬᠠᠷᠢᠭᠤᠴᠠᠯᠭᠠᠲᠠᠨ᠄ ᠯᠢᠨ ᠵᠢᠶᠦ᠋ᠨ ᠸᠧᠢᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠴᠢᠨᠠᠷᠲᠠᠢ᠂ ᠬᠠᠪᠰᠤᠷᠤᠮᠵᠢ ᠴᠢᠨᠠᠷᠲᠠᠢ᠂ ᠦᠢᠯᠡᠴᠢᠯᠡᠭᠡᠨ ᠤ ᠴᠢᠨᠠᠷᠲᠠᠢ ᠠᠵᠢᠯ ᠢ ᠡᠭᠦᠷᠭᠡᠯᠡᠨ᠎ᠡ︔ ᠤᠰᠤᠨ ᠠᠰᠢᠭᠯᠠᠯᠲᠠ ᠶᠢᠨ ᠲᠢᠩᠬᠢᠮ ᠢ ᠬᠠᠮᠵᠢᠨ‌ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠶ᠃  2 . ᠥᠪᠡᠷᠲᠡᠭᠡᠨ ᠵᠠᠰᠠᠬᠤ ᠣᠷᠣᠨ ‍ᠤ‌ᠤᠰᠤ ᠭᠠᠩ ᠤᠨ ᠭᠠᠮᠰᠢᠭ ᠢ ᠰᠡᠷᠭᠡᠶᠢᠯᠡᠬᠦ ᠲᠥᠯᠥᠪᠵᠢᠭᠦᠯᠭᠡ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠦᠯ᠂ ᠴᠢᠬᠤᠯᠠ ᠭᠤᠣᠯ ᠮᠥᠷᠡᠨ ᠪᠣᠯᠤᠨ ᠤᠰᠤᠨ ᠴᠥᠭᠦᠷᠥᠮ ᠤᠨ ᠤᠰᠤ ᠭᠠᠩ ᠤᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠤᠬᠢᠷᠠᠭᠤᠯᠬᠤ ᠲᠥᠰᠦᠯ ᠬᠢᠭᠡᠳ ᠭᠠᠩ ᠢ ᠰᠡᠷᠭᠡᠶᠢᠯᠡᠵᠦ ᠭᠠᠩ ᠲᠠᠢ ᠲᠡᠮᠡᠴᠡᠬᠦ ᠪᠡᠯᠡᠳᠬᠡᠯ ᠲᠥᠰᠦᠯ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠤᠰᠤᠨ ᠠᠰᠢᠭᠯᠠᠯᠲᠠ ᠶᠢᠨ ᠲᠢᠩᠬᠢᠮ ᠢ ᠬᠠᠪᠰᠤᠷᠤᠨ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠤᠬᠢᠷᠠᠭᠤᠯᠬᠤ ᠬᠠᠮᠢᠶ᠎ᠠ ᠪᠥᠬᠦᠢ ᠠᠵᠢᠯ ᠢ ᠥᠷᠨᠢᠭᠦᠯᠦᠨ᠎ᠡ᠃  3. ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ᠂ ᠦᠶᠡᠷ ᠤᠨ ᠲᠦᠭᠰᠢᠭᠦᠷᠢ ᠶᠢ ᠦᠨᠡᠯᠡᠨ ᠵᠢᠱᠢᠬᠦ ᠂ᠤᠰᠤ ᠭᠠᠩ ᠤᠨ ᠭᠠᠮᠰᠢᠭ ᠢ ᠦᠨᠡᠯᠡᠬᠦ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ᠂ ᠠᠵᠢᠯ ᠤᠨ ᠪᠠᠶᠢᠳᠠᠯ᠂ ᠴᠢᠭᠢᠭ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠬᠦ᠂ᠤᠰᠤ ᠭᠠᠩ ᠤᠨ ᠭᠠᠮᠰᠢᠭ ᠤᠨ ᠪᠠᠶᠢᠳᠠᠯ ᠢ ᠪᠦᠷᠢᠳᠬᠡᠬᠦ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠦᠷ᠎ᠡ ᠠᠰᠢᠭ ᠬᠢᠭᠡᠳ ᠭᠠᠮᠰᠢᠭ ᠢ ᠪᠠᠭᠠᠰᠬᠠᠬᠤ ᠦᠷ᠎ᠡ ᠠᠰᠢᠭ ᠢ ᠦᠨᠡᠯᠡᠨ ᠵᠢᠱᠢᠬᠦ ᠵᠡᠷᠭᠡ ᠠᠵᠢᠯ ᠢ ᠡᠭᠦᠷᠭᠡᠯᠡᠨ᠎ᠡ᠃  4 . ᠪᠦᠬᠦ ᠣᠷᠣᠨ ‍ᠤ‌ᠤᠰᠤ ᠭᠠᠩ ᠤᠨ ᠭᠠᠮᠰᠢᠭ ᠢ ᠰᠡᠷᠭᠡᠶᠢᠯᠡᠬᠦ ᠴᠢᠮᠡᠭᠡ ᠬᠤᠯᠪᠣᠭ᠎ᠠ᠂ ᠦᠶᠡᠷ ᠤᠨ ᠤᠰᠤᠨ ᠤ ᠲᠦᠭᠰᠢᠭᠦᠷᠢ ᠶᠢᠨ ᠵᠢᠷᠤᠭ ᠢ ᠨᠠᠶᠢᠷᠠᠭᠤᠯᠤᠨ ᠵᠣᠬᠢᠶᠠᠵᠤ ᠬᠡᠷᠡᠭᠯᠡᠬᠦ᠂ ᠪᠣᠷᠣᠭᠠᠨ ᠤᠰᠤᠨ ᠤ ᠪᠠᠶᠢᠳᠠᠯ ᠤᠨ ᠮᠡᠷᠭᠡᠵᠢᠯ ᠢ ᠬᠢᠨᠠᠨ ᠬᠡᠮᠵᠢᠬᠦ ᠪᠠ ᠰᠡᠷᠡᠮᠵᠢᠯᠡᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠦᠶᠡᠷ᠂ ᠰᠦᠩ ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠪᠣᠯᠤᠨ ᠠᠶᠤᠯ ᠠᠴᠠ ᠠᠪᠤᠷᠠᠬᠤ ᠡᠳ᠋ ᠪᠠᠷᠠᠭ᠎ᠠ ᠶᠢᠨ ᠨᠥᠭᠡᠴᠡᠯᠡᠯ ᠬᠢᠭᠡᠳ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃  5 . ᠤᠰᠤ ᠭᠠᠩ ᠤᠨ ᠭᠠᠮᠰᠢᠭ ᠢ ᠰᠠᠭᠤᠷᠢ ᠮᠡᠷᠭᠡᠵᠢᠯ ᠤᠨ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠡᠭᠦᠷᠭᠡᠯᠡᠨ᠎ᠡ᠃  6 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠣᠲᠣᠭᠠᠳᠤ ᠶᠢᠨ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 7 ᠪᠣᠶ᠄ ᠶᠡᠷᠦᠩᠬᠡᠶᠢᠯᠡᠭᠰᠡᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠰᠡᠷᠭᠡᠶᠢᠯᠡᠯᠲᠡ ᠶᠢᠨ ᠶᠠᠪᠤᠳᠠᠯ ᠤᠨ ᠰᠠᠯᠠᠭ᠎ᠠ᠂ ᠰᠡᠷᠭᠡᠶᠢᠯᠡᠯᠲᠡ ᠶᠢᠨ ᠮᠡᠷᠭᠡᠵᠢᠯ ᠤᠨ ᠰᠠᠯᠠᠭ᠎ᠠ᠂ ᠰᠥᠩ ᠬᠠᠯᠢᠶ᠎ᠠ ᠶᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠰᠠᠯᠠᠭ᠎ᠠ᠂ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠠᠯᠠᠭ᠎ᠠ᠂ ᠬᠢᠨᠠᠨ ᠬᠡᠮᠵᠢᠬᠦ ᠮᠡᠷᠭᠡᠵᠢᠯ ᠤᠨ ᠰᠠᠯᠠᠭ᠎ᠠ᠃    ᠠᠵᠢᠯᠯᠠᠬᠤ ᠭᠠᠵᠠᠷ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠣᠮᠧᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0471— 5259608  ᠬᠠᠷᠢᠭᠤᠴᠠᠯᠭᠠᠲᠠᠨ᠄ ᠪᠦᠦ ᠰᠦᠩ ᠯᠢᠨᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠢᠭᠡᠳ ᠥᠨᠳᠥᠷ ᠦᠷ᠎ᠡ ᠪᠦᠲᠦᠮᠵᠢᠲᠡᠢ ᠠᠰᠢᠭᠯᠠᠬᠤ᠂ ᠤᠰᠤᠨ ᠤ ᠠᠮᠢ ᠠᠬᠤᠢ ᠶᠢ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠮᠡᠷᠭᠡᠵᠢᠯ᠂ ᠤᠰᠤ ᠠᠷᠪᠢᠯᠠᠬᠤ ᠮᠡᠷᠭᠡᠵᠢᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠤᠰᠤ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠭᠤᠣᠯ ᠨᠠᠭᠤᠷ ᠢ ᠬᠠᠮᠢᠶᠠᠷᠬᠤ᠂ ᠣᠶᠤᠨᠴᠢ ᠤᠰᠤᠨ ᠠᠰᠢᠭᠯᠠᠯᠲᠠ᠂ ᠤᠰᠤᠨ ᠠᠰᠢᠭᠯᠠᠯᠲᠠ ᠶᠢᠨ ᠠᠵᠤ ᠠᠬᠤᠢ ᠵᠡᠷᠭᠡ ᠤᠰᠤ ᠲᠠᠢ ᠬᠤᠯᠪᠣᠭᠳᠠᠬᠤ ᠬᠦᠷᠢᠶᠡᠨ ᠤ ᠰᠠᠭᠤᠷᠢ ᠰᠤᠳᠤᠯᠤᠯ ᠬᠢᠭᠡᠳ ᠬᠡᠷᠡᠭᠯᠡᠭᠡᠨ ᠤ ᠰᠤᠳᠤᠯᠤᠯ ᠢ ᠡᠭᠦᠷᠭᠡᠯᠡᠨ᠎ᠡ᠃  2 . ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠠᠮᠢᠶ᠎ᠠ ᠪᠥᠬᠦᠢ ᠮᠡᠷᠭᠡᠵᠢᠯ ᠤᠨ ᠲᠤᠯᠭᠠᠭᠤᠷᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ᠂ ᠮᠡᠷᠭᠡᠵᠢᠯ ᠤᠨ ᠯᠠᠪᠯᠠᠯᠭ᠎ᠠ ᠥᠭᠬᠦ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃  3 . ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠵᠡᠷᠭᠡ ᠮᠡᠷᠭᠡᠵᠢᠯ ᠤᠨ ᠪᠠᠷᠢᠮᠵᠢᠶ᠎ᠠ᠂ ᠲᠥᠷᠢᠮ ᠢ ᠨᠠᠶᠢᠷᠠᠭᠤᠯᠤᠨ ᠵᠣᠬᠢᠶᠠᠬᠤ ᠠᠵᠢᠯ ᠢ ᠡᠭᠦᠷᠭᠡᠯᠡᠨ᠎ᠡ᠃  4 . ᠤᠰᠤ ᠰᠢᠷᠣᠶ᠂ ᠤᠰᠤᠨ ᠤ ᠣᠷᠴᠢᠨ ᠲᠣᠭᠤᠷᠢᠨ ᠵᠡᠷᠭᠡ ᠲᠠᠯ᠎ᠠ ᠶᠢᠨ ᠰᠠᠭᠤᠷᠢ ᠲᠤᠷᠰᠢᠯᠲᠠ ᠬᠢᠬᠦ᠂ ᠪᠠᠶᠢᠴᠠᠭᠠᠨ ᠬᠡᠮᠵᠢᠬᠦ ᠪᠠ ᠵᠠᠳᠠᠯᠬᠤ ᠠᠵᠢᠯ ᠢ ᠡᠭᠦᠷᠭᠡᠯᠡᠨ᠎ᠡ᠃  5 . ᠣᠯᠠᠨ ᠤᠯᠤᠰ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠪᠣᠯᠤᠨ ᠬᠤᠷᠰᠢᠯᠴᠠᠭᠠᠨ ᠤ ᠰᠤᠳᠤᠯᠤᠯ ᠢ ᠥᠷᠨᠢᠭᠦᠯᠦᠨ᠎ᠡ᠃  6 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠣᠲᠣᠭᠠᠳᠤ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 12 ᠪᠣᠶ᠄ ᠶᠡᠷᠦᠩᠬᠡᠶᠢᠯᠡᠭᠰᠡᠨ ᠰᠠᠯᠠᠭ᠎ᠠ ︵ᠠᠵᠢᠯ ᠠᠴᠠ ᠪᠠᠨ ᠰᠠᠯᠵᠤ ᠪᠠᠭᠠᠵᠤ ᠠᠮᠠᠷᠠᠭᠰᠠᠳ ᠤᠨ ᠠᠵᠢᠯ ᠤᠨ ᠰᠠᠯᠠᠭ᠎ᠠ︶᠂ ᠨᠠᠮ ᠣᠯᠠᠨ ᠲᠦᠮᠡᠨ ᠤ ᠠᠵᠢᠯ ᠤᠨ ᠰᠠᠯᠠᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠢᠶᠠᠷᠤᠯᠲᠠ ᠶᠢᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠲᠠᠷᠢᠶᠠᠯᠠᠬᠤ‌ᠮᠠᠯᠵᠢᠬᠤ‌ᠣᠷᠣᠨ ᠤ ᠤᠰᠤᠨ ᠠᠰᠢᠭᠯᠠᠯᠲᠠ ᠶᠢᠨ ᠰᠤᠳᠤᠯᠬᠤ ᠭᠠᠵᠠᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠤᠳᠤᠯᠬᠤ ᠭᠠᠵᠠᠷ᠂ ᠠᠯᠤᠰ ᠰᠡᠷᠡᠯ ᠤᠨ ᠬᠡᠷᠡᠭᠯᠡᠭᠡᠨ ᠬᠢᠭᠡᠳ ᠭᠤᠤᠯ‌ᠨᠠᠭᠤᠷ ᠤᠨ ᠰᠤᠳᠤᠯᠬᠤ ᠭᠠᠵᠠᠷ᠂ ᠤᠰᠤ ᠰᠢᠷᠣᠶ ᠶᠢ ᠬᠠᠮᠠᠭᠠᠯᠠᠬᠤ ᠰᠤᠳᠤᠯᠬᠤ ᠭᠠᠵᠠᠷ᠂ ᠤᠰᠤᠨ ᠤ ᠡᠬᠢ ᠪᠠᠶᠠᠯᠢᠭ ᠬᠢᠭᠡᠳ ᠤᠰᠤᠨ ᠤ ᠣᠷᠴᠢᠨ ᠲᠣᠭᠤᠷᠢᠨ ᠤ ᠰᠤᠳᠤᠯᠬᠤ ᠭᠠᠵᠠᠷ᠂ ᠲᠤᠷᠰᠢᠯᠲᠠ ᠶᠢᠨ ᠲᠥᠪ᠂ ᠦᠷ᠎ᠡ ᠪᠦᠲᠦᠭᠡᠯ ᠢ ᠳᠡᠯᠭᠡᠷᠡᠭᠦᠯᠬᠦ ᠲᠥᠪ᠂ ᠠᠮᠤᠷ ᠲᠦᠪᠰᠢᠨ ᠬᠢᠭᠡᠳ ᠪᠠᠶᠢᠴᠠᠭᠠᠨ ᠬᠡᠮᠵᠢᠬᠦ ᠮᠡᠷᠭᠡᠵᠢᠯ ᠤᠨ ᠰᠤᠳᠤᠯᠬᠤ ᠭᠠᠵᠠᠷ᠃  ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ ᠴᠢᠩ ᠱᠠᠨ ᠱᠦᠶ ᠯᠢᠶᠠᠨ 5 ᠳ᠋ᠤᠭᠠᠷ ᠠᠰᠠᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0471 — 3458210  ᠬᠠᠷᠢᠭᠤᠴᠠᠯᠭᠠᠲᠠᠨ᠄ ᠭᠤᠤ ᠹᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ︶ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠪᠣᠯᠤᠨ ᠠᠶᠤᠯᠭᠦᠢ ᠦᠢᠯᠡᠳᠪᠦᠷᠢᠯᠡᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠳᠤ ᠣᠷᠣᠯᠴᠠᠨ᠎ᠠ᠃  2 . ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠨᠠᠯᠲᠠ ᠲᠠᠯᠪᠢᠵᠤ ᠪᠠᠶᠢᠭ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠬᠢᠭᠡᠳ ᠠᠶᠤᠯ ᠥᠭᠡᠢ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠶᠠᠰᠤ ᠴᠢᠨᠠᠷ ᠤᠨ ᠠᠵᠢᠯ ᠤᠨ ᠬᠢᠨᠠᠨ ᠰᠢᠯᠭᠠᠯᠲᠠ ᠳᠤ ᠤᠷᠤᠯᠴᠠᠨ᠎ᠠ᠃  3 . ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠢ ᠠᠵᠢᠯ ᠢ ᠬᠠᠪᠰᠤᠷᠤᠨ ᠥᠷᠨᠢᠭᠦᠯᠦᠨ᠎ᠡ᠃  4. ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢ ᠨᠠᠶᠢᠷᠠᠭᠤᠯᠤᠨ ᠵᠣᠬᠢᠶᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃  5 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠣᠲᠣᠭᠠᠳᠤ ᠶᠢᠨ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 7 ᠪᠣᠶ᠄ ᠠᠯᠪᠠᠨ ᠬᠡᠷ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ᠂ ᠶᠠᠰᠤ ᠴᠢᠨᠠᠷ ᠮᠡᠷᠭᠡᠵᠢᠯ ᠤᠨ ᠰᠠᠯᠠᠭ᠎ᠠ᠂ ᠠᠶᠤᠯᠭᠦᠢ ᠦᠢᠯᠡᠳᠪᠦᠷᠢᠯᠡᠯ ᠤᠨ ᠰᠠᠯᠠᠭ᠎ᠠ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ ᠢᠨᠵᠧᠨᠧᠷᠢᠩ ᠤᠨ ᠲᠥᠷᠥᠯ ᠵᠦᠢᠯ ᠤᠨ ᠰᠠᠯᠠᠭ᠎ᠠ᠂ ᠦᠢᠯᠡᠳᠬᠦ ᠦᠨ᠎ᠡ ᠶᠢ ᠨᠠᠶᠢᠷᠠᠭᠤᠯᠤᠨ ᠵᠣᠬᠢᠶᠠᠬᠤ ᠰᠠᠯᠠᠭ᠎ᠠ᠃  ᠠᠵᠢᠯᠯᠠᠬᠤ ᠭᠠᠵᠠᠷ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠣᠮᠧᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0471— 5259680  ᠬᠠᠷᠢᠭᠤᠴᠠᠯᠭᠠᠲᠠᠨ᠄ ᠵᠠᠩ ᠪᠥᠸᠧ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃  ︵ᠨᠢᠭᠡ︶ ᠭᠤᠣᠯ ᠡᠭᠦᠷᠭᠡ ᠬᠠᠷᠢᠭᠤᠴᠠᠯᠭ᠎ᠠ  1 . ᠲᠢᠩᠬᠢᠮ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠶᠠᠪᠤᠳᠠᠯ ᠤᠨ ᠦᠢᠯᠡᠴᠢᠯᠡᠭᠡᠨ᠂ ᠴᠢᠬᠤᠯᠠ ᠶᠡᠭᠡ ᠬᠤᠷᠠᠯ᠂ ᠴᠢᠬᠤᠯᠠ ᠠᠵᠢᠯᠯᠠᠭ᠎ᠠ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠲᠢᠩᠬᠢᠮ ᠤᠨ ᠪᠠᠶᠢᠭᠤᠯᠭ᠎ᠠ ᠶᠢᠨ ᠠᠵᠢᠯᠯᠠᠬᠤ ᠪᠡᠯᠡᠳᠬᠡᠮᠵᠢ᠂ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃  2 . ᠲᠢᠩᠬᠢᠮ ᠪᠠᠶᠢᠭᠤᠯᠭ᠎ᠠ ᠶᠢᠨ ᠲᠠᠩᠰᠠ ᠡᠪᠬᠡᠮᠡᠯ ᠪᠣᠯᠤᠨ ᠺᠠᠳ᠋ᠷ ᠠᠵᠢᠯᠳᠠᠨ ᠤ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃  3 . ᠲᠢᠩᠬᠢᠮ ᠤᠨ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ᠂ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠠᠮᠵᠢᠯᠲᠠ ᠪᠦᠲᠦᠮᠵᠢ ᠶᠢ ᠦᠨᠡᠯᠡᠬᠦ ᠵᠢᠴᠢ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  4 . ᠲᠢᠩᠬᠢᠮ ᠠᠯᠪᠠᠨ ᠪᠠᠶᠢᠭᠤᠯᠭ᠎ᠠ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ᠂ ᠵᠠᠬᠢᠳᠠᠯ ᠰᠤᠷᠪᠤᠯᠵᠢᠯᠠᠯ᠂ ᠨᠠᠰᠤᠵᠢᠯ ᠤᠨ ᠳᠠᠭᠠᠳᠬᠠᠯ ᠬᠢᠭᠡᠳ ᠡᠮᠨᠡᠯᠭᠡ ᠶᠢᠨ ᠳᠠᠭᠠᠳᠬᠠᠯ᠂ ᠶᠡᠷᠦᠩᠬᠡᠶᠢᠯᠡᠨ ᠵᠠᠰᠠᠬᠤ ᠵᠡᠷᠭᠡ ᠬᠠᠪᠰᠤᠷᠤᠮᠵᠢ ᠶᠢᠨ ᠴᠢᠨᠠᠷᠲᠠᠢ ᠠᠵᠢᠯ ᠢ ᠡᠭᠦᠷᠭᠡᠯᠡᠨ᠎ᠡ᠃  5 . ᠰᠢᠰᠲ᠋ᠧᠮ ᠤᠨ ᠳᠣᠲᠣᠷᠠᠬᠢ ᠺᠠᠳ᠋ᠷ ᠤᠨ ᠬᠥᠮᠦᠵᠢᠯ ᠪᠣᠯᠪᠠᠰᠤᠷᠠᠯ ᠢ ᠥᠷᠨᠢᠭᠦᠯᠵᠦ᠂ ᠲᠤᠰᠬᠠᠢ ᠮᠡᠷᠭᠡᠵᠢᠯ ᠤᠨ ᠦᠷᠭᠦᠯᠵᠢᠯᠡᠭᠰᠡᠨ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠤᠨ ᠡᠳᠦᠷ ᠲᠤᠳᠤᠮ ᠤᠨ ᠬᠠᠮᠢᠶᠠᠷᠤᠯᠲᠠ ᠶᠢᠨ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃  6. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ︵ᠬᠤᠶᠠᠷ︶ ᠳᠣᠲᠣᠭᠠᠳᠤ ᠶᠢᠨ ᠪᠠᠶᠢᠭᠤᠯᠤᠮᠵᠢ  ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ 7 ᠪᠣᠶ᠄ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ᠂ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠠᠯᠠᠭ᠎ᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ᠂ ᠬᠤᠷᠠᠯ ᠤᠨ ᠦᠢᠯᠡᠴᠢᠯᠡᠭᠡᠨ ᠤ ᠰᠠᠯᠠᠭ᠎ᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠃    ᠠᠵᠢᠯᠯᠠᠬᠤ ᠭᠠᠵᠠᠷ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠣᠮᠧᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0471—5259580  ᠬᠠᠷᠢᠭᠤᠴᠠᠯᠭᠠᠲᠠᠨ᠄ ᠭᠤᠤ ᠵᠢᠶᠦ᠋ᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ  ᠰᠤᠷᠪᠤᠯᠵᠢ ᠶᠢᠨ ᠲᠥᠪ     1 . ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠰᠢᠨᠵᠢᠯᠡᠭᠡᠨ ᠤ ᠳᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠰᠢᠨᠵᠢᠯᠡᠭᠡᠨ ᠤ ᠳᠦᠷᠢᠮ︾ ᠪᠣᠯᠤᠨ ᠬᠤᠯᠪᠣᠭᠳᠠᠯ ᠪᠦᠬᠦᠢ ᠤᠰᠤᠨ ᠰᠢᠨᠵᠢᠯᠡᠭᠡᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃  2 . ᠪᠦᠬᠦ ᠣᠷᠣᠨ ᠤ ᠤᠰᠤᠨ ᠰᠢᠨᠵᠢᠯᠡᠭᠡᠨ ᠤ ᠠᠵᠢᠯ ᠲᠥᠷᠥᠯ ᠤᠨ ᠲᠥᠷᠥ ᠶᠢᠨ ᠪᠣᠳᠣᠯᠭ᠎ᠠ᠂ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠤᠰᠤᠨ ᠰᠢᠨᠵᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠦᠬᠦ ᠣᠷᠣᠨ ᠤ ᠤᠰᠤᠨ ᠰᠢᠨᠵᠢᠯᠡᠭᠡᠨ ᠤ ᠠᠵᠢᠯ ᠲᠥᠷᠥᠯ ᠤᠨ ᠳᠣᠲᠣᠭᠠᠳᠤ ᠬᠠᠮᠢᠶᠠᠷᠤᠯᠲᠠ ᠶᠢ ᠡᠭᠦᠷᠭᠡᠯᠡᠵᠦ᠂ ᠤᠰᠤᠨ ᠰᠢᠨᠵᠢᠯᠡᠭᠡᠨ ᠤ ᠠᠵᠢᠯᠯᠠᠭ᠎ᠠ ᠬᠢᠵᠦ ᠪᠠᠶᠢᠭ᠎ᠠ ᠪᠤᠰᠤᠳ ᠨᠢᠭᠡᠴᠢ ᠪᠣᠯᠤᠨ ᠲᠤᠰᠬᠠᠶ ᠬᠡᠷᠡᠭᠯᠡᠬᠦ ᠤᠰᠤᠨ ᠰᠢᠨᠵᠢᠯᠡᠭᠡᠨ ᠤ ᠬᠢᠨᠠᠨ ᠬᠡᠮᠵᠢᠬᠦ ᠥᠷᠲᠡᠭᠡ ᠳᠤ ᠠᠵᠢᠯ ᠲᠥᠷᠥᠯ ᠤᠨ ᠵᠢᠯᠣᠭᠤᠳᠤᠯᠭ᠎ᠠ ᠬᠢᠨ᠎ᠡ᠃  3 . ᠪᠦᠬᠦ ᠣᠷᠣᠨ ᠤ ᠤᠰᠤᠨ ᠵᠦᠶ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠠᠵᠢᠯ ᠢ       ᠡᠭᠦᠷᠭᠡᠯᠡᠨ᠂ ᠪᠦᠬᠦ ᠣᠷᠣᠨ ᠤ ᠰᠦᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠳᠤ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠶ︔ ᠪᠥᠬᠦ ᠣᠷᠣᠨ ᠤ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠲᠡᠩᠴᠡᠭᠦᠷᠢ ᠶᠢ ᠬᠡᠮᠵᠢᠨ ᠲᠤᠷᠰᠢᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃  4 . ᠪᠦᠬᠦ ᠣᠷᠣᠨ ᠤ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠲᠥᠪ ᠬᠢᠭᠡᠳ ᠬᠤᠪᠢᠶᠠᠷᠢ ᠲᠥᠪ ︵ᠰᠢᠯᠵᠢᠮᠡᠯ ᠲᠤᠷᠰᠢᠯᠲᠠ ᠶᠢᠨ ᠲᠠᠰᠤᠭ︶ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢ ᠡᠭᠦᠷᠭᠡᠯᠡᠨ᠎ᠡ᠃  5 . ᠪᠦᠬᠦ ᠣᠷᠣᠨ ᠤ ᠤᠰᠤᠨ ᠵᠦᠢ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠂ ᠪᠦᠬᠦ ᠣᠷᠣᠨ ᠤ ᠬᠦᠨᠳᠦ ᠶᠡᠭᠡ ᠭᠡᠨᠡᠳᠲᠡ ᠡᠭᠦᠰᠬᠦ ᠤᠰᠤᠨ ᠤ ᠪᠣᠬᠢᠷᠲᠤᠯ ᠤᠨ ᠤᠰᠤᠨ ᠤ ᠪᠠᠴᠢᠮ ᠪᠠᠶᠢᠳᠠᠯ ᠢ ᠠᠷᠭᠠᠴᠠᠬᠤ ᠶᠢᠨ ᠬᠢᠨᠠᠨ ᠬᠡᠮᠵᠢᠬᠦ ᠳᠤ ᠣᠷᠣᠯᠴᠠᠨ᠎ᠠ᠃ ᠪᠦᠬᠦ ᠣᠷᠣᠨ ᠤ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠢ ᠬᠢᠨᠠᠨ ᠬᠡᠮᠵᠢᠭᠰᠡᠨ ᠮᠠᠲ᠋ᠧᠷᠢᠶᠠᠯ ᠢ ᠡᠮᠬᠢᠯᠡᠨ ᠨᠠᠶᠢᠷᠠᠭᠤᠯᠬᠤ᠂ ᠡᠮᠬᠢᠳᠬᠡᠨ ᠨᠠᠶᠢᠷᠠᠭᠤᠯᠬᠤ᠂ ᠰᠢᠯᠭᠠᠨ       ᠠᠪᠬᠤ᠂ ᠬᠡᠪᠯᠡᠵᠦ ᠳᠠᠷᠤᠮᠠᠯᠯᠠᠬᠤ᠂ ᠳᠡᠭᠡᠭᠰᠢ ᠮᠡᠳᠡᠭᠦᠯᠬᠦ ᠵᠢᠴᠢ ᠤᠰᠤᠨ ᠰᠢᠨᠵᠢᠯᠡᠭᠡᠨ ᠤ ᠳ᠋ᠡᠶᠢᠲ᠋ᠠ ᠬᠥᠮᠥᠷᠭᠡ ᠶᠢᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃  6 . ᠪᠦᠬᠦ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠬᠢᠨᠠᠨ ᠰᠢᠯᠭᠠᠯᠲᠠ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠳᠤ ᠤᠰᠤᠨ ᠵᠦᠶ ᠶᠢᠨ ᠬᠠᠮᠢᠶ᠎ᠠ ᠪᠦᠬᠦᠢ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  7 . ᠪᠦᠬᠦ ᠣᠷᠣᠨ ᠤ ᠤᠰᠤᠨ ᠰᠢᠨᠵᠢᠯᠡᠭᠡᠨ ᠤ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ᠂ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠪᠣᠯᠤᠨ ᠤᠰᠤᠨ ᠰᠢᠨᠵᠢᠯᠡᠭᠡᠨ ᠤ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃  8 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ᠳᠣᠲᠣᠭᠠᠳᠤ ᠶᠢᠨ ᠪᠠᠶᠢᠭᠤᠯᠤᠮᠵᠢ᠄ ᠠᠯᠪᠠᠨ ᠭᠡᠷ᠂ ᠨᠠᠮ ᠣᠯᠠᠨ ᠲᠦᠮᠡᠨ ᠤ ᠠᠵᠢᠯ ᠤᠨ ᠭᠠᠵᠠᠷ᠂ ᠰᠠᠬᠢᠯᠭ᠎ᠠ ᠪᠠᠲᠤ ᠪᠠᠶᠢᠴᠠᠭᠠᠬᠤ ᠠᠯᠪᠠᠨ ᠭᠡᠷ  ︵ᠲᠣᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ︶ ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠶᠡᠷᠦᠩᠬᠡᠶ ᠢᠨᠵᠧᠨᠧᠷ ᠤᠨ ᠠᠯᠪᠠᠨ ᠭᠡᠷ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠂ ᠥᠷᠲᠡᠭᠡᠨ ᠲᠣᠣᠷ ᠤᠨ ᠬᠢᠨᠠᠨ ᠬᠡᠮᠵᠢᠬᠦ ᠭᠠᠵᠠᠷ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠭᠠᠵᠠᠷ᠂ ᠤᠰᠤᠨ ᠤ ᠴᠢᠨᠠᠷ ᠤᠰᠤᠨ ᠤ ᠠᠮᠢ ᠠᠬᠤᠶ ᠶᠢᠨ ᠬᠢᠨᠠᠨ ᠬᠡᠮᠵᠢᠬᠦ ᠭᠠᠵᠠᠷ᠂ ᠤᠰᠤᠨ ᠤ ᠪᠠᠶᠢᠳᠠᠯ ᠤᠨ ᠭᠠᠵᠠᠷ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠮᠡᠷᠭᠡᠵᠢᠯ ᠤᠨ ᠭᠠᠵᠠᠷ᠂ ᠤᠰᠤᠨ ᠤ ᠡᠬᠢ ᠪᠠᠶᠠᠯᠢᠭ ᠤᠨ ᠦᠨᠡᠯᠡᠯᠲᠡ ᠶᠢᠨ ᠭᠠᠵᠠᠷ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠃    ᠠᠵᠢᠯᠯᠠᠬᠤ ᠭᠠᠵᠠᠷ᠄ ᠬᠥᠬᠡᠬᠤᠲᠠ ᠶᠢᠨ ᠶᠡᠭᠡ ᠰᠤᠷᠭᠠᠭᠤᠯᠢ ᠶᠢᠨ ᠵᠡᠭᠦᠨ ᠵᠠᠮ ᠤᠨ 120 ᠳ᠋ᠤᠭᠠᠷ ᠨᠣᠮᠧᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠬᠠᠷᠢᠯᠴᠠᠬᠤ ᠠᠷᠭ᠎ᠠ᠄ 0471— 4916302  ᠬᠠᠷᠢᠭᠤᠴᠠᠯᠭᠠᠲᠠᠨ᠄ ᠸᠠᠩ ᠬᠠᠢ ᠵᠢᠶᠦ᠋ᠨ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号