ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/1/10
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠣᠯ ᠲᠤᠰᠢᠶᠠᠯ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ   ᠨᠢᠭᠡᠳᠦᠭᠡᠷ ᠵᠤᠷᠪᠤᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃  ᠬᠤᠶᠠᠳᠤᠭᠠᠷ ᠵᠤᠷᠪᠤᠰ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ ᠤᠨ ᠲᠡᠰ ᠪᠣᠯᠤᠨ᠎ᠠ᠃  ᠭᠤᠷᠪᠠᠳᠤᠭᠠᠷ ᠵᠤᠷᠪᠤᠰ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠤᠭᠳᠠᠯ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳ᠋ᠤ᠋‌ᠤᠰᠤᠨ ᠠᠰᠢᠭᠯᠠᠯᠲᠠ ᠵᠢᠨ‌ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃    ᠭᠤᠣᠯ ᠡᠭᠦᠷᠭᠡ ᠬᠠᠷᠢᠭᠤᠴᠠᠯᠭ᠎ᠠ᠄  ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃ ᠪᠦᠬᠦ ᠣᠷᠣᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠤᠨ ᠲᠥᠰᠦᠯ ᠢ ᠲᠤᠭᠤᠷᠪᠢᠵᠤ᠂ ᠪᠦᠬᠦ ᠣᠷᠣᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃  ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠨᠢᠭᠡᠳᠦᠯᠲᠡᠶ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠣᠷᠣᠨ ᠤ ᠤᠰᠤᠨ ᠤ ᠤᠷᠲᠤᠪᠲᠤᠷ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠤᠰᠤ ᠲᠠᠲᠠᠬᠤ ᠴᠢᠬᠤᠯᠠ ᠶᠡᠭᠡ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃  ︵ᠭᠤᠷᠪᠠ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠲᠣᠬᠢᠷᠠᠭᠤᠯᠬᠤ ᠰᠠᠨᠠᠯ ᠢ ᠳᠤᠷᠠᠳᠴᠤ᠂ ᠲᠥᠷᠥᠯ ᠵᠦᠢᠯ ᠢ ᠬᠡᠷᠡᠭᠵᠢᠭᠦᠯᠬᠦ ᠳᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠬᠦ ᠬᠡᠷᠡᠭᠲᠡᠶ᠃  ︵ᠳᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃  ︵ᠲᠠᠪᠤ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠤᠰᠤ ᠶᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠲᠦᠯᠬᠢᠨ ᠠᠬᠢᠭᠤᠯᠤᠨ᠎ᠠ᠃  ︵ᠵᠢᠷᠭᠤᠭ᠎ᠠ︶ ᠤᠰᠤᠨ ᠰᠢᠨᠵᠢᠯᠡᠭᠡᠨ ᠤ ᠠᠵᠢᠯ ᠢ ᠵᠢᠯᠣᠭᠤᠳᠤᠨ᠎ᠠ᠃ ᠤᠰᠤᠨ ᠵᠦᠢ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ᠂ ᠥᠪᠡᠷᠲᠡᠭᠡᠨ ᠵᠠᠰᠠᠬᠤ ᠣᠷᠣᠨ ᠤ ᠤᠰᠤᠨ ᠵᠦᠢ ᠥᠷᠲᠡᠭᠡᠨ ᠤ ᠲᠣᠣᠷ ᠤᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠡᠩ ᠤᠨ ᠤᠰᠤᠨ ᠵᠦᠢ ᠶᠢ ᠬᠡᠮᠵᠢᠬᠦ ᠥᠷᠲᠡᠭᠡ ᠪᠠᠶᠢᠭᠤᠯᠬᠤ ᠪᠠ ᠲᠣᠬᠢᠷᠠᠭᠤᠯᠤᠯᠲᠠ ᠬᠢᠬᠦ᠂ ᠲᠤᠰᠬᠠᠶ ᠬᠡᠷᠡᠭᠯᠡᠬᠦ ᠤᠰᠤᠨ ᠵᠦᠢ ᠶᠢ ᠬᠡᠮᠵᠢᠬᠦ ᠥᠷᠲᠡᠭᠡ ᠪᠠᠶᠢᠭᠤᠯᠬᠤ ᠪᠠ ᠬᠠᠰᠤᠬᠤ ᠶᠢ ᠬᠢᠨᠠᠨ ᠵᠥᠪᠰᠢᠶᠡᠷᠡᠨ᠎ᠡ᠃ ᠭᠤᠤᠯ ᠮᠥᠷᠡᠨ ᠨᠠᠭᠤᠷ ᠴᠥᠭᠦᠷᠥᠮ ᠪᠣᠯᠤᠨ ᠭᠠᠵᠠᠷ ᠳᠤᠤᠷᠠᠬᠢ ᠤᠰᠤ ᠶᠢ ᠬᠢᠨᠠᠨ ᠬᠡᠮᠵᠢᠬᠦ ᠶᠢ ᠬᠡᠷᠡᠭᠵᠢᠭᠦᠯᠵᠦ᠂ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ᠂ ᠮᠡᠳᠡᠭᠡᠯᠡᠯ ᠤᠨ ᠤᠷᠢᠳᠴᠢᠯᠠᠭᠰᠠᠨ ᠮᠡᠳᠡᠭᠡ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠨ᠎ᠡ᠃ ᠤᠰᠤᠨ ᠤ ᠡᠬᠢ ᠪᠠᠶᠠᠯᠢᠭ᠂ ᠤᠰᠤᠨ ᠤ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃  ︵ᠳᠣᠯᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠶᠢᠨ ᠱᠤᠭᠤᠮ ᠤᠨ ᠬᠠᠮᠢᠶᠠᠷᠤᠯᠲᠠ᠂ ᠬᠠᠮᠠᠭᠠᠯᠠᠯᠲᠠ ᠪᠣᠯᠤᠨ ᠶᠡᠷᠦᠩᠬᠡᠶᠢᠯᠡᠭᠰᠡᠨ ᠠᠰᠢᠭᠯᠠᠯᠲᠠ ᠶᠢ ᠵᠢᠯᠣᠭᠤᠳᠤᠨ᠎ᠠ᠃ ᠪᠦᠬᠦ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠣᠷᠣᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠦᠬᠦ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃  ︵ᠨᠠᠢᠮᠠ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠣᠷᠣᠨ ᠤ ᠡᠵᠡᠮᠳᠡᠬᠦ ᠴᠢᠨᠠᠷᠲᠠᠶ ᠪᠠ ᠣᠷᠣᠨ ᠪᠦᠰᠡ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠦᠶᠡᠷ ᠤᠰᠤᠳᠠᠯ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃  ︵ᠶᠢᠰᠦ︶ ᠤᠰᠤ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠪᠠᠶᠢᠭᠤᠯᠤᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠤᠰᠤ ᠰᠢᠷᠤᠢ ᠶᠢ ᠬᠠᠮᠠᠭᠠᠯᠠᠬᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ︵ᠠᠷᠪᠠ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠵᠤ ᠤᠰᠤ ᠵᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ᠂ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠪᠣᠯᠤᠨ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃  ︵ᠠᠷᠪᠠᠨ ᠨᠢᠭᠡ︶ ᠤᠰᠤᠨ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠵᠣᠬᠢᠴᠠᠭᠤᠯᠬᠤ᠂ ᠬᠥᠨᠳᠡᠯᠡᠨ ᠠᠴᠠ ᠲᠠᠰᠤᠯᠬᠤ ᠶᠢ ᠬᠠᠷᠢᠭᠤᠴᠠᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠤᠰᠤᠨ ᠴᠥᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠲᠣᠮᠣ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃  ︵ᠠᠷᠪᠠᠨ ᠬᠤᠶᠠᠷ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠭᠠᠳᠠᠭᠠᠳᠤ ᠶᠠᠪᠤᠳᠠᠯ ᠤᠨ ᠠᠵᠢᠯ ᠢ ᠥᠷᠨᠢᠭᠦᠯᠦᠨ᠎ᠡ᠃ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠭᠤᠤᠯ ᠮᠥᠷᠡᠨ ᠤ ᠬᠤᠯᠪᠣᠭᠳᠠᠯ ᠪᠦᠬᠦᠢ ᠬᠡᠷᠡᠭ ᠶᠠᠪᠤᠳᠠᠯ ᠢ ᠭᠦᠢᠴᠡᠳᠭᠡᠬᠦ᠃  ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠬᠠᠮᠠᠭᠠᠯᠠᠬᠤ ᠶᠢ ᠦᠨᠡᠨᠬᠦ ᠴᠢᠩᠭᠠᠳᠬᠠᠬᠤ ᠬᠡᠷᠡᠭᠲᠡᠶ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠨᠢ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠰᠢ ᠬᠤᠪᠢᠷᠠᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠨᠠᠭᠤᠷ ᠤᠨ ᠡᠷᠡᠭᠦᠯ ᠴᠢᠭᠢᠷᠠᠭ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃  ᠳᠣᠲᠣᠭᠠᠳᠤ ᠪᠠᠶᠢᠭᠤᠯᠤᠮᠵᠢ᠄  ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃  ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠲᠤᠰᠢᠶᠠᠯ ᠤᠨ ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃  ︵ᠭᠤᠷᠪᠠ︶ ᠲᠥᠯᠥᠪᠯᠡᠭᠡ ᠶᠢᠨ ᠡᠳ᠋ ᠤᠨ ᠶᠠᠪᠤᠳᠠᠯ ᠤᠨ ᠭᠠᠵᠠᠷ᠃ ᠴᠢᠬᠤᠯᠠ ᠶᠡᠭᠡ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠲᠤᠰᠬᠠᠶ ᠠᠵᠢᠯ ᠤᠨ ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠬᠢᠨᠠᠨ ᠬᠠᠷᠭᠤᠭᠤᠯᠤᠨ᠎ᠠ᠃ ᠤᠰᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠲᠠᠲᠠᠬᠤ ᠲᠣᠮᠣ ᠬᠡᠯᠪᠡᠷᠢ ᠶᠢᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠣᠷᠣᠨ ᠤ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠣᠯᠤᠨ ᠤᠰᠤᠨ ᠠᠰᠢᠭᠯᠠᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠪᠠ ᠭᠦᠢᠴᠡᠳᠭᠡᠬᠦ᠂ ᠡᠳ᠋ ᠤᠨ ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠶᠢ ᠬᠠᠷᠢᠭᠤᠴᠠᠨ᠎ᠠ᠃  ︵ᠳᠥᠷᠪᠡ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠃ ᠪᠦᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ       ᠵᠥᠪᠰᠢᠶᠡᠷᠡᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ  ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃  ︵ᠲᠠᠪᠤ︶ ᠤᠰᠤ ᠰᠢᠷᠤᠢ ᠬᠠᠮᠠᠭᠠᠯᠠᠬᠤ ᠭᠠᠵᠠᠷ᠃ ᠪᠦᠬᠦ ᠣᠷᠣᠨ ᠤ ᠤᠰᠤ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠤᠰᠤ ᠰᠢᠷᠤᠢ ᠶᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤ ᠰᠢᠷᠤᠢ ᠶᠢᠨ ᠢᠳᠡᠭᠳᠡᠯ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃  ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠭᠠᠵᠠᠷ᠃ ᠲᠣᠮᠣ ᠳᠤᠮᠳᠠ ᠬᠡᠯᠪᠡᠷᠢ ᠶᠢᠨ ᠤᠰᠤᠯᠠᠬᠤ ᠤᠰᠤ ᠵᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠤᠣᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ ᠴᠠᠬᠢᠯᠭᠠᠨᠵᠢᠭᠤᠯᠬᠤ᠂ ᠬᠥᠳᠡᠭᠡ ᠲᠣᠰᠬᠤᠨ ᠤ ᠤᠰᠤᠨ ᠴᠠᠬᠢᠯᠭᠠᠨ ᠤ ᠠᠰᠢᠭᠯᠠᠮᠵᠢ ᠶᠢ ᠨᠡᠮᠡᠭᠳᠡᠭᠦᠯᠦᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠵᠢᠴᠢ ᠵᠢᠵᠢᠭ ᠤᠰᠤᠨ ᠴᠠᠬᠢᠯᠭᠠᠨ ᠢᠶᠠᠷ ᠲᠦᠯᠡᠰᠢ ᠶᠢ ᠣᠷᠣᠯᠠᠭᠤᠯᠬᠤ ᠵᠡᠷᠭᠡ ᠬᠥᠳᠡᠭᠡ ᠲᠣᠰᠬᠤᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃  ︵ᠳᠣᠯᠤᠭ᠎ᠠ︶ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠤᠨ ᠤᠰᠤ ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠵᠡᠷᠭᠡ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠪᠠᠶᠢᠴᠠᠭᠠᠬᠤ᠂ ᠦᠨᠡᠯᠡᠬᠦ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃  ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠵᠦ᠂ ᠤᠰᠤᠨ ᠤ ᠴᠢᠳᠠᠮᠵᠢᠲᠦ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠪᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠳᠤ ᠣᠷᠣᠯᠴᠠᠨ᠎ᠠ᠃ ᠤᠰᠤ ᠶᠢ ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠤᠰᠤ ᠶᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠶᠢ ᠠᠷᠪᠢᠯᠠᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠲᠦᠯᠬᠢᠨ ᠠᠬᠢᠭᠤᠯᠤᠨ᠎ᠠ᠃ ᠤᠰᠤᠨ ᠤ ᠡᠷᠬᠡ ᠶᠢ ᠬᠤᠷᠢᠶᠠᠨ ᠬᠠᠳᠠᠭᠠᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃  ︵ᠨᠠᠢᠮᠠ︶ ᠠᠵᠢᠯᠯᠠᠭᠠᠨ ᠤ ᠬᠠᠮᠢᠶᠠᠷᠤᠯᠲᠠ ᠬᠢᠨᠠᠯᠲᠠ ᠲᠠᠯᠪᠢᠬᠤ ᠭᠠᠵᠠᠷ᠃ ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠭᠤᠤᠯᠳᠠᠯᠭ᠎ᠠ ᠲᠠᠢ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠪᠣᠯᠤᠨ ᠠᠶᠤᠯ ᠦᠭᠡᠶ ᠳᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃ ᠤᠰᠤᠨ ᠴᠥᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠲᠣᠮᠣ ᠬᠠᠰᠢᠯᠭ᠎ᠠ᠂ ᠬᠠᠰᠢᠯᠭ᠎ᠠ᠂ ᠤᠰᠤᠨ ᠬᠠᠭᠠᠯᠲᠠ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃  ︵ᠶᠢᠰᠦ︶ ᠤᠰᠤᠨ ᠤ ᠶᠠᠪᠤᠳᠠᠯ ᠤᠨ ᠭᠠᠵᠠᠷ᠃ ᠣᠷᠣᠨ ᠨᠤᠲᠤᠭ ᠤᠨ ᠴᠢᠨᠠᠷᠲᠠᠶ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠤᠨ ᠲᠥᠰᠦᠯ ᠢ ᠲᠤᠭᠤᠷᠪᠢᠬᠤ ᠶᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠳᠠᠭᠠᠭᠠᠨ ᠭᠦᠢᠴᠡᠳᠭᠡᠨ᠎ᠡ᠃ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠶᠢᠮᠠᠭ ᠬᠤᠲᠠ ᠠᠯᠤᠰᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠤᠨ᠂ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃  ︵ᠠᠷᠪᠠ︶ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠵᠣᠬᠢᠴᠠᠭᠤᠯᠬᠤ᠂ ᠲᠣᠬᠢᠷᠠᠭᠤᠯᠬᠤ᠂ ᠬᠢᠨᠠᠨ ᠵᠢᠯᠣᠭᠤᠳᠬᠤ ᠪᠠ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠵᠢᠴᠢ ᠲᠡᠭᠦᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠤᠨ᠎ᠠ᠃ ᠭᠤᠣᠯ ᠤᠨ ᠵᠠᠮ ᠤᠨ ᠬᠠᠶᠢᠷ ᠮᠠᠯᠲᠠᠬᠤ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠤᠰᠤᠨ ᠰᠢᠨᠵᠢᠯᠡᠭᠡᠨ ᠤ ᠠᠵᠢᠯ ᠢ ᠵᠢᠯᠣᠭᠤᠳᠴᠤ᠂ ᠡᠩ ᠤᠨ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠪᠠᠶᠢᠭᠤᠯᠬᠤ ᠪᠠ ᠲᠣᠬᠢᠷᠠᠭᠤᠯᠬᠤ ᠶᠢ ᠬᠢᠨᠠᠨ ᠵᠥᠪᠰᠢᠶᠡᠷᠡᠵᠦ᠂ ᠲᠤᠰᠬᠠᠶ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠪᠠᠶᠢᠭᠤᠯᠬᠤ ᠪᠠ ᠬᠠᠰᠤᠬᠤ ᠬᠡᠷᠡᠭᠲᠡᠶ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ᠃  ︵ᠠᠷᠪᠠᠨ ᠨᠢᠭᠡ︶ ᠦᠶᠡᠷ ᠤᠰᠤᠳᠠᠯ ᠭᠠᠩ ᠤᠨ ᠭᠠᠮᠰᠢᠭ ᠢ ᠰᠡᠷᠭᠡᠶᠢᠯᠡᠬᠦ ᠭᠠᠵᠠᠷ᠃ ᠦᠶᠡᠷ ᠤᠰᠤᠳᠠᠯ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠣᠬᠢᠷᠠᠭᠤᠯᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤᠨ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠲᠣᠭᠲᠠᠭᠠᠬᠤ ᠣᠷᠣᠨ ᠤ ᠠᠶᠤᠯᠭᠦᠢ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠬᠡᠷᠡᠭᠯᠡᠯᠲᠡ ᠳᠤ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠤᠨ᠎ᠠ᠃ ᠦᠶᠡᠷᠯᠡᠭᠰᠡᠨ ᠣᠷᠣᠨ᠂ ᠦᠶᠡᠷ ᠬᠤᠷᠠᠭᠤᠯᠵᠤ ᠦᠶᠡᠷ ᠲᠣᠭᠲᠠᠭᠠᠬᠤ ᠣᠷᠣᠨ ᠪᠣᠯᠤᠨ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠦᠶᠡᠷ ᠤᠨ ᠨᠥᠯᠥᠭᠡ ᠶᠢ ᠦᠨᠡᠯᠡᠬᠦ ᠠᠵᠢᠯ ᠢ ᠡᠭᠦᠷᠭᠡᠯᠡᠨ᠎ᠡ᠃ ᠦᠶᠡᠷ ᠤᠨ ᠤᠰᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃  ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃  ᠠᠵᠢᠯ ᠠᠴᠠ ᠠᠮᠠᠷᠠᠭᠰᠠᠳ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃  ᠠᠵᠢᠯᠯᠠᠬᠤ ᠭᠠᠵᠠᠷ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠤᠮᠧᠷ  ᠠᠵᠢᠯᠯᠠᠬᠤ ᠴᠠᠭ᠄ ᠠᠵᠢᠯᠯᠠᠬᠤ ᠡᠳᠦᠷ ᠤᠨ 9᠄ 00 —12᠄ 00᠂ 13᠄ 30 —17᠄ 00  ᠠᠯᠪᠠᠨ ᠤᠲᠠᠰᠤ᠄ 0471— 5259680  ᠬᠠᠷᠢᠭᠤᠴᠠᠯᠭᠠᠲᠠᠨ᠄ ᠱᠧᠩ ᠰᠢᠶᠤᠤ ᠶᠢᠦ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号