ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠢ ᠢᠯᠡ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/1/12
  ︽ ᠭᠤᠣᠯ ᠮᠥᠷᠡᠨ ᠤ ᠳᠠᠷᠤᠭ᠎ᠠ ᠶᠢᠨ ᠳᠦᠷᠢᠮ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠲᠡᠷᠢᠭᠦᠨ ᠤ ᠬᠠᠮᠲᠤ ᠨᠡᠶᠢᠲᠡ᠂ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠮᠡᠳᠡᠭᠳᠡᠯ︾ ︵ᠦᠪᠦᠷ ᠭᠤᠤᠯ ᠳᠠᠷᠤᠭ᠎ᠠ ᠠᠯᠪᠠᠨ ﹇2023﹈ ᠳ᠋ᠤᠭᠠᠷ ᠲᠣᠭᠠᠲᠤ︶ ᠢ ᠦᠨᠳᠦᠰᠦᠯᠡᠨ᠂ ᠱᠠᠲᠤ ᠳᠠᠷᠠᠭᠠᠯᠠᠨ ᠪᠠᠲᠤᠯᠠᠨ ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠡᠷᠭᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠶᠠᠪᠤᠭᠤᠯᠬᠤ ᠠᠵᠢᠯ ᠤᠨ ᠲᠡᠷᠢᠭᠦᠨ ᠤ ᠬᠠᠮᠲᠤ ᠨᠡᠶᠢᠲᠡ 24᠂ ᠲᠡᠷᠢᠭᠦᠨ ᠤ ᠠᠵᠢᠯᠲᠠᠨ 30       ᠨᠡᠷᠡᠰ᠂ ᠪᠦᠬᠦ ᠣᠷᠣᠨ ᠤ ᠰᠢᠯᠢᠳᠡᠭ ᠭᠤᠣᠯ ︵ᠨᠠᠭᠤᠷ︶ ᠤᠨ ᠳᠠᠷᠤᠭ᠎ᠠ 40 ᠬᠦᠮᠦᠨ᠃ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠥᠷᠭᠡᠨ ᠢᠶᠠᠷ ᠰᠠᠨᠠᠯ ᠰᠣᠨᠣᠰᠬᠤ ᠶᠢᠨ ᠲᠤᠰᠠᠳᠠ᠂ ᠡᠳᠦᠭᠡ ᠰᠠᠶᠢᠰᠢᠶᠠᠨ ᠬᠥᠬᠢᠭᠦᠯᠬᠦ ᠪᠠᠷ ᠪᠠᠶᠢᠭ᠎ᠠ ᠡᠲᠡᠭᠡᠳ ᠢ ᠵᠠᠷᠯᠠᠨ ᠨᠡᠶᠢᠲᠡᠯᠡᠶ᠎ᠡ᠃  2024 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠠᠴᠠ 16 ᠤ ᠡᠳᠦᠷ᠃ ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷᠡᠬᠢ ᠢᠯᠡ ᠪᠠᠷ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠤᠨ ᠲᠤᠰᠠᠳᠠ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃  ᠬᠠᠷᠢᠯᠴᠠᠬᠤ ᠤᠳᠠᠰᠦ᠄ 0471-6297312 ︵ᠹᠺᠠᠰ ᠢ ᠬᠠᠪᠰᠤᠷᠭᠠᠨ᠎ᠠ︶  ᠢᠮᠧᠯ᠄ nmgzzqhzb@163.com  ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠤᠮᠧᠷ ᠤᠨ ᠥᠪᠡᠷᠲᠡᠭᠡᠨ ᠵᠠᠰᠠᠬᠤ ᠣᠷᠣᠨ ᠤ ᠭᠤᠤᠯ ᠤᠨ ᠳᠠᠷᠤᠭ᠎ᠠ ᠶᠢᠨ ᠠᠯᠪᠠᠨ ᠬᠡᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ    2024 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠤ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠨᠡᠷᠡᠰ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号