ᠠᠷᠠᠳ ᠤᠨ ᠰᠦᠯᠵᠢᠶ᠎ᠡ᠄ ᠠᠮᠤ ᠪᠤᠳᠠᠭᠠᠨ ᠤ ᠠᠮᠤᠷ ᠲᠦᠪᠰᠢᠨ ᠤ ︽ᠠᠮᠢᠨ ᠰᠤᠳᠠᠰᠤ︾ ᠶᠢ ᠰᠠᠬᠢᠨ ᠬᠠᠮᠠᠭᠠᠯᠠᠵᠤ ᠬᠤᠪᠸᠢ ᠶᠢᠨ ᠬᠠᠮᠤᠭ ᠤᠨ ᠶᠡᠭᠡ ᠤᠰᠤᠯᠠᠯᠲᠠ ᠶᠢᠨ ᠣᠷᠣᠨ ᠤ ᠰᠢᠶᠠᠩ ᠱᠦᠶ ᠬᠦᠦᠷᠯᠢᠭ ᠰᠤᠪᠠᠭ ᠢ ᠠᠮᠵᠢᠯᠲᠠ ᠲᠠᠢ ᠪᠠᠷ ᠡᠷᠭᠢᠭᠦᠯᠦᠨ ᠨᠡᠶᠢᠯᠡᠭᠦᠯᠪᠡ
ᠨᠡᠶᠢᠲᠡᠯᠡᠭᠰᠡᠨ ᠴᠠᠭ᠄
2024/1/12
  ᠡᠪᠦᠯ ᠤᠰᠤᠨ ᠠᠰᠢᠭᠯᠠᠯᠲᠠ ᠵᠠᠰᠠᠵᠤ᠂ ᠵᠤᠨ ᠠᠮᠤᠷ ᠲᠠᠶᠢᠪᠣᠩ ᠢ ᠬᠠᠮᠠᠭᠠᠯᠠᠨ᠎ᠠ᠃ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ 2024 ᠣᠨ ᠤ ᠠᠩᠬᠠᠳᠤᠭᠠᠷ ᠠᠵᠢᠯ ᠤᠨ ᠡᠳᠦᠷ᠂ ᠬᠤᠪᠸᠢ ᠮᠤᠵᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠬᠢᠬᠦ ᠲᠥᠷᠥᠯ ᠵᠦᠢᠯ ᠴᠢᠬᠤᠯᠠ ᠶᠡᠭᠡ ᠴᠠᠭ ᠮᠥᠴᠡ ᠪᠠᠨ ᠤᠭᠲᠤᠵᠤ᠂ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ ᠢᠨᠵᠧᠨᠧᠷᠢᠩ — ᠬᠤᠪᠸᠢ ᠮᠤᠵᠢ ᠶᠢᠨ ᠵᠠᠩ ᠾᠧ ᠭᠤᠤᠯ ᠤᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠬᠢᠬᠦ ᠢᠨᠵᠧᠨᠧᠷᠢᠩ ᠤᠨ ᠰᠢᠶᠠᠩ ᠱᠦᠶ ᠬᠦᠦᠷᠯᠢᠭ ᠰᠤᠪᠠᠭ ᠤᠨ ᠭᠤᠯᠳᠤᠩ ᠢ ᠠᠮᠵᠢᠯᠲᠠ ᠲᠠᠢ ᠪᠠᠷ ᠬᠤᠪᠢᠷᠠᠭᠤᠯᠤᠨ ᠨᠡᠶᠢᠯᠡᠭᠦᠯᠪᠡ᠃  ᠵᠠᠩ ᠾᠧ ᠤᠰᠤᠯᠠᠯᠲᠠ ᠶᠢᠨ ᠣᠷᠣᠨ ᠪᠣᠯ ᠬᠤᠪᠸᠢ ᠮᠤᠵᠢ ᠶᠢᠨ ᠬᠠᠮᠤᠭ ᠤᠨ ᠶᠡᠭᠡ ᠤᠰᠤᠯᠠᠯᠲᠠ ᠶᠢᠨ ᠣᠷᠣᠨ ᠮᠥᠨ᠂ ᠪᠠᠰᠠ ᠴᠤ ᠪᠦᠬᠦ ᠤᠯᠤᠰ ᠤᠨ ᠶᠢᠰᠦᠨ ᠶᠡᠭᠡ ᠠᠮᠤ ᠪᠤᠳᠠᠭᠠᠨ ᠤ ᠭᠠᠷᠤᠯᠲᠠ ᠶᠢᠨ ᠣᠷᠣᠨ ᠤ ᠨᠢᠭᠡ ᠪᠣᠯᠬᠤ ᠵᠢᠶᠠᠩ ᠬᠠᠨ ᠲᠠᠯ᠎ᠠ ᠭᠠᠵᠠᠷ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠬᠦᠦᠷᠯᠢᠭ ᠰᠤᠪᠠᠭ ᠤᠨ ᠪᠠᠷᠢᠯᠭ᠎ᠠ ᠶᠢᠨ ᠭᠠᠵᠠᠷ ᠤᠨ ᠨᠥᠬᠦᠴᠡᠯ ᠤᠨ ᠬᠢᠵᠠᠭᠠᠷᠯᠠᠯ ᠠᠴᠠ ᠪᠣᠯᠵᠣ᠂ ᠰᠢᠶᠠᠩ ᠱᠦᠶ ᠬᠦᠦᠷᠯᠢᠭ ᠰᠤᠪᠠᠭ ᠤᠨ ᠡᠷᠭᠢᠬᠦ ᠪᠠᠷᠢᠯᠭ᠎ᠠ ᠨᠢ ᠤᠯᠤᠰ ᠤᠨ ᠳᠣᠲᠣᠭᠠᠳᠤ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠠᠩᠬ᠎ᠠ ᠤᠳᠠᠭ᠎ᠠ ᠲᠡᠭᠰᠢ ᠪᠤᠰᠤ ᠲᠡᠩᠴᠡᠭᠦᠷᠢᠲᠦ ᠡᠷᠭᠢᠯᠲᠡ ᠪᠠ ᠲᠤᠯᠬᠤ ᠵᠢᠶᠠᠰᠠ ᠶᠢᠨ ᠬᠠᠮ ᠬᠡᠯᠪᠡᠷᠢ ᠶᠢ ᠠᠪᠴᠤ ᠪᠠᠶᠢᠨ᠎ᠠ᠃  ᠲᠡᠩᠴᠡᠭᠦᠷᠢᠲᠦ ᠪᠤᠰᠤ ᠲᠦᠪᠰᠢᠨ ᠢᠶᠠᠷ ᠪᠡᠶ᠎ᠡ ᠡᠷᠭᠢᠬᠦ ᠪᠠ ᠲᠤᠯᠬᠤ ᠵᠢᠶᠠᠰᠠ ᠶᠢ ᠨᠡᠶᠢᠯᠡᠭᠦᠯᠬᠦ ᠪᠠᠷᠢᠯᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠨᠢ ᠦᠬᠠᠨ ᠤ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠨ ︽ᠪᠧᠲ᠋ᠣᠨ ᠤ ᠭᠤᠯᠳᠤᠩ ᠬᠡᠯᠪᠡᠷᠢᠲᠦ ᠪᠦᠲᠦᠴᠡ ᠶᠢ ᠰᠢᠯᠵᠢᠭᠦᠯᠬᠦ + ᠲᠤᠯᠬᠤ ᠵᠢᠶᠠᠰᠠ ᠶᠢ ᠨᠡᠶᠢᠯᠡᠭᠦᠯᠬᠦ︾ ᠪᠠᠷᠢᠯᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠤᠷᠢᠳ ᠬᠤᠵᠢᠳ ᠨᠡᠶᠢᠯᠡᠬᠦ ᠬᠡᠰᠡᠭ ᠤᠨ ᠬᠡᠯᠪᠡᠷᠢ ᠨᠢ ᠬᠤᠪᠢᠷᠠᠵᠤ ᠵᠣᠬᠢᠴᠠᠯᠳᠤᠬᠤ ᠥᠬᠡᠶ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠤᠯᠳᠤᠩ ᠴᠠᠭᠠᠷᠢᠭ ᠤᠨ ᠬᠤᠪᠢᠷᠠᠭᠠᠭᠳᠠᠯ ᠤᠨ ᠬᠦᠴᠦ ᠵᠢᠴᠢ ᠭᠤᠯᠳᠤᠩ ᠲᠡᠩᠭᠡᠯᠢᠭ ᠱᠤᠭᠤᠮ ᠢ ᠡᠵᠡᠮᠳᠡᠬᠦ ᠠᠷᠭ᠎ᠠ ᠶᠢ ᠰᠢᠯᠢᠳᠡᠭᠵᠢᠭᠦᠯᠵᠦ᠂ ᠪᠡᠶ᠎ᠡ ᠡᠷᠭᠢᠬᠦ ᠲᠣᠪᠴᠢᠯᠠᠭᠤᠷ ᠪᠣᠯᠤᠨ ᠶᠠᠭᠦᠯᠡᠬᠦ ᠮᠠᠶ᠋ᠢᠭ ᠤᠨ ᠲᠤᠯᠬᠤ ᠵᠢᠶᠠᠰᠠ ᠶᠢ ᠨᠤᠷᠠᠭᠠᠬᠤ ᠲᠠᠰ ᠳᠠᠷᠠᠭᠠᠯᠠᠯ ᠢ ᠲᠣᠭᠲᠠᠭᠠᠵᠤ᠂ ᠭᠤᠯᠳᠤᠩᠲᠤ ᠴᠠᠭᠠᠷᠢᠭ ᠤᠨ ᠪᠠᠷᠢᠯᠭ᠎ᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃   ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠳᠤᠤᠷᠠᠳᠤ ᠤᠷᠤᠰᠬᠠᠯ ᠤᠨ 48 ᠲᠦᠮᠡᠨ ᠮᠥ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠰᠢᠢᠳᠪᠦᠷᠢᠯᠡᠵᠦ᠂ ᠤᠰᠤ ᠠᠷᠪᠢᠯᠠᠬᠤ ᠴᠢᠳᠠᠪᠤᠷᠢ ᠶᠢ 0.68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠤᠰᠤ ᠬᠠᠩᠭᠠᠬᠤ ᠦᠷ᠎ᠡ ᠠᠰᠢᠭ ᠢ 860 ᠲᠦᠮᠡᠨ ᠲᠥᠭᠦᠷᠢᠭ ᠪᠣᠶ ᠪᠣᠯᠭᠠᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号