2023 ᠣᠨ ᠳᠤ ᠮᠠᠨ ᠤ ᠤᠯᠤᠰ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/1/17
  ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ 11᠎ ᠤ ᠡᠳᠦᠷ 2024 ᠣᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ 2023 ᠣᠨ ᠳᠤ ᠪᠥᠬᠦ ᠤᠯᠤᠰ ᠲᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 11996 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ ᠭᠡᠵᠡᠶ᠃ ᠡᠭᠦᠨ ᠳᠤ᠂ ᠪᠸᠢ ᠪᠦ᠋ ᠸᠠᠨ ᠢ ᠲᠣᠭᠤᠷᠢᠭᠰᠠᠨ ᠭᠤᠸᠠᠩᠰᠢ ᠶᠢᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠵᠡᠷᠭᠡ 44 ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠨ ᠪᠠᠶᠢᠭᠤᠯᠪᠠ᠃  ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠴᠢᠩᠭ᠎ᠠ᠂ ᠢᠯᠠᠩᠭᠤᠶ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠨᠢ ᠦᠷᠭᠦᠯᠵᠢ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠪᠦᠲᠦᠭᠡᠨ ᠪᠠᠶᠢᠭᠤᠯᠬᠤ ᠦᠶᠡᠯᠡᠬᠦ ᠬᠤᠭᠤᠴᠠᠭ᠎ᠠ ᠨᠢ ᠤᠷᠲᠤ᠂ ᠠᠰᠢᠭ ᠣᠯᠵᠠᠪᠤᠷᠢ ᠣᠯᠬᠤ ᠴᠢᠳᠠᠪᠤᠷᠢ ᠪᠠᠷ ᠪᠠᠭᠤᠷᠠᠶ ᠵᠡᠷᠭᠡ ᠣᠨᠴᠠᠯᠢᠭ ᠲᠠᠢ ᠪᠠᠶᠢᠵᠤ᠂ ᠦᠷᠭᠦᠯᠵᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢᠨ ︽ᠲᠦᠭᠵᠢᠷᠡᠯ︾᠎ ᠳᠤ ᠤᠴᠠᠷᠠᠳᠠᠭ ᠪᠠᠶᠢᠨ᠎ᠠ᠃ ᠲᠡᠮᠳᠡᠭᠯᠡᠯ ᠢ ᠡᠭᠦᠳᠦᠭᠰᠡᠨ ᠶᠡᠭᠡ ᠬᠡᠮᠵᠢᠶᠡᠨ ᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠠᠮᠢᠭ᠎ᠠ ᠠᠴᠠ ᠢᠷᠡᠭᠰᠡᠨ ᠪᠤᠢ︖  ︽ᠡᠳ᠋ ᠤᠨ ᠵᠠᠰᠠᠭ ᠤᠨ ᠪᠠᠯᠠ ᠮᠥᠩᠭᠦ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠨᠡᠶᠢᠭᠡᠮ ᠤᠨ ᠬᠥᠷᠥᠩᠭᠡ ᠬᠠᠮᠲᠤ ᠪᠠᠷ ᠬᠦᠴᠦᠯᠡᠨ᠎ᠡ᠃ ᠤᠰᠤᠨ ᠠᠰᠢᠭᠯᠠᠯᠲᠠ ᠶᠢᠨ ᠶᠠᠮᠤᠨ ᠤ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠵᠠᠩ ᠰᠢᠶᠠᠩ ᠸᠧᠶ ᠬᠡᠯᠡᠬᠦ ᠳᠡᠭᠡᠨ᠂ ᠨᠢᠭᠡ ᠲᠠᠯ᠎ᠠ ᠪᠠᠷ᠂ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠰᠤᠨ ᠠᠰᠢᠭᠯᠠᠯᠲᠠ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ 2023 ᠣᠨ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ 6787 ᠳ᠋ᠦᠩᠰᠢᠭᠤᠷ ᠲᠥᠭᠦᠷᠢᠭ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ︔ ᠨᠥᠭᠦᠭᠡ ᠲᠠᠯ᠎ᠠ ᠪᠠᠷ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠨᠡᠶᠢᠭᠡᠮ ᠤᠨ ᠬᠥᠷᠥᠩᠭᠡ ᠶᠢ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ᠎ᠠ᠃  ᠪᠦᠷᠢᠳᠬᠡᠯ ᠳᠤ ᠢᠯᠡᠷᠡᠭᠦᠯᠦᠭᠰᠡᠨ ᠢᠶᠠᠷ᠂ 2023 ᠣᠨ ᠤ ᠪᠥᠬᠦ ᠵᠢᠯ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 12238 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠂ ᠡᠭᠦᠨ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠨᠡᠶᠢᠭᠡᠮ ᠤᠨ ᠬᠥᠷᠥᠩᠭᠡ 5451 ᠳ᠋ᠦᠩᠰᠢᠭᠤᠷ ᠲᠥᠭᠦᠷᠢᠭ ᠪᠠᠶᠢᠵᠤ᠂ ᠪᠥᠬᠦ ᠤᠯᠤᠰ ᠤᠨ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠤᠭᠰᠠᠨ ᠬᠡᠪᠴᠢᠶ᠎ᠡ ᠶᠢᠨ 44.5 %᠎ ᠶᠢ ᠡᠵᠡᠯᠡᠪᠡ᠃  ᠲᠡᠮᠳᠡᠭᠯᠡᠯ ᠢ ᠡᠭᠦᠳᠦᠭᠰᠡᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠠᠮᠢᠭ᠎ᠠ ᠣᠷᠣᠭᠤᠯᠤᠭᠰᠠᠨ ᠪᠤᠢ︖ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠭᠤᠤᠯᠳᠠᠭᠤ 4 ᠬᠦᠷᠢᠶᠡᠨ ᠳᠤ ᠣᠷᠣᠭᠤᠯᠵᠠᠶ᠄ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠳᠤ 3227 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠤᠯᠤᠰ ᠤᠨ ᠤᠰᠤᠨ ᠲᠤᠤᠷ ᠤᠨ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ 5665 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠰᠡᠷᠭᠦᠯᠲᠡ ᠳᠤ 2079 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ᠂ ᠣᠶᠤᠨᠴᠢ ᠤᠰᠤᠨ ᠠᠰᠢᠭᠯᠠᠯᠲᠠ ᠵᠡᠷᠭᠡ ᠪᠤᠰᠤᠳ ᠲᠥᠷᠥᠯ ᠵᠦᠢᠯ ᠳᠤ 1025 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃  2023 ᠣᠨ ᠳᠤ ᠤᠰᠤᠨ ᠠᠰᠢᠭᠯᠠᠯᠲᠠ ᠶᠢᠨ ᠲᠥᠷᠥᠯ ᠵᠦᠢᠯ ᠢ 2.79 ᠲᠦᠮᠡ ᠰᠢᠨ᠎ᠡ ᠪᠠᠷ ᠡᠬᠢᠯᠡᠭᠦᠯᠵᠦ᠂ 2022 ᠣᠨ ᠤ ᠬᠢ ᠠᠴᠠ 11.5 %᠎ ᠪᠠᠷ ᠨᠡᠮᠡᠭᠳᠡᠪᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠪᠡᠯᠡ ᠮᠥᠩᠭᠦ ᠨᠡᠮᠡᠭᠳᠡᠵᠦ᠂ ᠠᠵᠢᠯ ᠣᠯᠭᠤᠬᠤ ᠬᠥᠮᠦᠨ ᠤ ᠲᠤᠭ᠎ᠠ ᠦᠷᠭᠦᠯᠵᠢᠯᠡᠨ ᠨᠡᠮᠡᠭᠳᠡᠪᠡ᠃ ᠪᠦᠷᠢᠳᠬᠡᠯ ᠳᠤ ᠢᠯᠡᠷᠡᠭᠦᠯᠦᠭᠰᠡᠨ ᠢᠶᠠᠷ᠂ 2023 ᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ 273.9 ᠲᠦᠮᠡᠨ ᠬᠥᠮᠦᠨ ᠳᠤ ᠠᠵᠢᠯ ᠣᠯᠭᠤᠵᠤ᠂ 2022 ᠣᠨ ᠤ ᠬᠢ ᠠᠴᠠ             8.9 %᠎ ᠪᠠᠷ ᠨᠡᠮᠡᠭᠳᠡᠪᠡ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号