︽ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ︾ ︵2024 ᠣᠨ ᠤ 01 ᠳ᠋ᠦ᠋ᠭᠡᠷ ᠰᠠᠷ᠎ᠠ ᠶᠢᠨ | 13 ᠤ ᠡᠳᠦᠷ 03 ᠳ᠋ᠤᠭᠠᠷ ᠬᠡᠪᠯᠡᠯ︶ | ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ 11 ᠤ ᠡᠳᠦᠷ 2024 ᠣᠨ ᠤ ᠪᠥᠬᠦ | ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ 2023 ᠣᠨ ᠤ ᠪᠥᠬᠦ | ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ 90 % ᠳᠤ | ᠬᠦᠷᠴᠡᠶ᠃ ᠡᠨᠡ ᠨᠢ ᠪᠦᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠰᠡᠨ ᠨᠣᠷᠮ᠎ᠠ | 88% ᠳᠤ ᠬᠦᠷᠴᠡᠶ᠃ | 2021 ᠣᠨ ᠤ 8 ᠳ᠋ᠤᠭᠠᠷ ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ ︽ᠬᠥᠳᠡᠭᠡ ᠲᠣᠰᠬᠤᠨ ᠤ ᠤᠰᠤ | ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ | ᠡᠯ᠎ᠡ ᠭᠠᠵᠠᠷ ᠤᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠬᠥᠳᠡᠭᠡ ᠲᠣᠰᠬᠤᠨ ᠤ ᠤᠰᠤ ᠬᠠᠩᠭᠠᠬᠤ | ᠪᠠᠲᠤᠯᠠᠭ᠎ᠠ ᠲᠡᠶᠢᠰᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠪᠥᠬᠦ | ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠶᠢ 2025 ᠣᠨ ᠳᠤ | 88% ᠳᠤ ᠬᠦᠷᠭᠡᠵᠦ᠂ 2035 ᠣᠨ ᠳᠤ ᠬᠥᠳᠡᠭᠡ ᠲᠣᠰᠬᠤᠨ ᠤ ᠤᠰᠤ ᠬᠠᠩᠭᠠᠬᠤ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | ᠤᠢᠢᠷ᠎ᠠ ᠶᠢᠨ ᠵᠢᠯ ᠠᠴᠠ᠂ ᠮᠠᠨ ᠤ ᠤᠯᠤᠰ ᠤᠨ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ | ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ | ᠨᠤᠷᠮ᠎ᠠ ᠲᠠᠰᠤᠷᠠᠯᠳᠠ ᠦᠭᠡᠢ ᠳᠡᠭᠡᠭᠰᠢᠯᠡᠪᠡ᠃ ᠤᠰᠤᠨ ᠠᠰᠢᠭᠯᠠᠯᠲᠠ ᠶᠢᠨ ᠶᠠᠮᠤᠨ ᠤ ᠪᠦᠷᠢᠳᠬᠡᠯ ᠠᠴᠠ ᠦᠵᠡᠪᠡᠯ᠂ | 2020 ᠣᠨ᠂ 2021 ᠣᠨ ᠪᠠ 2022 ᠣᠨ ᠤ ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ | ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠲᠣᠰ ᠲᠣᠰ 83 %᠂ 84 % ᠪᠠ 87 % ᠪᠣᠯᠤᠨ᠎ᠠ᠃ | ᠯᠢ ᠭᠦᠸᠧ ᠶᠢᠩ ᠢᠯᠡᠷᠬᠡᠶᠢᠯᠡᠬᠦ ᠳᠡᠭᠡᠨ᠂ 2024 ᠣᠨ ᠳᠤ᠂ ᠪᠥᠬᠦ ᠤᠯᠤᠰ ᠤᠨ ᠬᠥᠳᠡᠭᠡ ᠲᠣᠰᠬᠤᠨ ᠤ | ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ 92 % ᠪᠣᠯᠲᠠᠯ᠎ᠠ ᠳᠡᠭᠡᠭᠰᠢᠯᠡᠵᠦ᠂ ᠬᠡᠪᠴᠢᠶᠡᠵᠢᠭᠦᠯᠦᠭᠰᠡᠨ | ᠤᠰᠤ ᠬᠠᠩᠭᠠᠬᠤ ᠢᠨᠵᠧᠨᠧᠷᠢᠩ ᠤᠨ ᠬᠥᠳᠡᠭᠡ ᠲᠣᠰᠬᠤᠨ ᠤ ᠬᠥᠮᠦᠨ ᠠᠮᠠ ᠶᠢ ᠬᠠᠮᠤᠷᠤᠭᠰᠠᠨ ᠬᠠᠷᠢᠴᠠᠯ | 63 % ᠳᠤ ᠬᠥᠷᠬᠦ ᠪᠣᠯᠤᠨ᠎ᠠ᠃ | |