ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
  1 ᠳ᠋ᠦ᠋ᠭᠡᠷ ᠰᠠᠷ᠎ᠠ ᠶᠢᠨ 24 ᠤ ᠡᠳᠦᠷ᠂ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠬᠠᠮᠲᠤ ᠪᠠᠷ ︽ᠬᠤᠮᠤᠷᠭᠠᠨ ᠠᠪᠠ — ᠬᠡᠭᠡᠯᠢ ᠲᠦᠯᠬᠢᠭᠴᠢ ᠶᠢᠨ ᠬᠡᠯᠡᠭᠰᠡᠨ︾ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ       ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦᠳᠡ ᠬᠤᠷᠠᠯ ᠤᠨ ᠠᠯᠪᠠᠨ ᠮᠡᠳᠡᠭᠡ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠠᠴᠠ ᠨᠠᠰᠢᠬᠢ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠰᠢᠢᠳᠪᠦᠷᠢᠯᠡᠭᠰᠡᠨ ᠬᠡᠷᠡᠭ ᠪᠠ ᠠᠰᠠᠭᠤᠳᠠᠯ ᠤᠨ ᠰᠦᠪᠡᠭᠴᠢ ᠶᠢ ᠵᠠᠷᠯᠠᠨ ᠮᠡᠳᠡᠭᠳᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
W020240126600240161637.jpg
  ᠬᠤᠷᠠᠯ ᠳᠤ ᠴᠢᠬᠤᠯᠠᠴᠢᠯᠠᠭᠰᠠᠨ ᠨᠢ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠡᠭᠦᠷᠢᠳᠡ ᠵᠤᠬᠰᠤᠰᠢ ᠦᠭᠡᠢ ᠪᠠᠶᠢᠬᠤ ᠬᠠᠳᠠᠨ ᠵᠣᠷᠢᠭ ᠪᠣᠯᠤᠨ ᠪᠠᠷᠢᠮᠲᠠᠯᠠᠯ ᠢᠶᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠣᠯ ᠦᠭᠡᠢ ᠠᠬᠢᠭᠤᠯᠬᠤ ᠬᠡᠷᠡᠭᠲᠡᠢ᠃ ᠬᠤᠶᠠᠷ ᠲᠤ᠂ ︽ᠶᠢᠰᠦ ᠪᠠᠷ ᠴᠢᠬᠤᠯᠠᠴᠢᠯᠠᠬᠤ︾ ᠦᠢᠯᠡᠳᠦᠯᠭᠡ ᠶᠢᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠣᠳᠣᠬᠠᠨ ᠳᠤ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠪᠣᠯᠤᠨ ᠮᠠᠭᠤ ᠬᠡᠯᠪᠡᠷᠢᠯ ᠢ ᠭᠦᠨᠵᠡᠭᠡᠢ ᠵᠠᠳᠠᠯᠵᠤ᠂ ᠵᠥᠷᠢᠶ᠎ᠡ ᠳᠤ ᠵᠥᠪ ᠢᠶᠠᠷ ᠬᠠᠨᠳᠤᠵᠤ᠂ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠭᠤᠷᠪᠠ ᠳᠤ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠥᠬᠡᠶ ᠰᠠᠶᠢᠲᠤᠷ ᠠᠳᠬᠤᠵᠤ᠂ ᠥᠷᠭᠡᠨ ᠣᠯᠠᠨ ᠤᠰᠤᠨ ᠰᠢᠨᠵᠢᠯᠡᠭᠡᠨ ᠤ ᠠᠵᠢᠯᠲᠠᠨ ᠠᠵᠢᠯᠴᠢᠨ ᠤ ᠦᠵᠡᠯ ᠰᠠᠨᠠᠭ᠎ᠠ ᠪᠠᠨ       ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠠᠯᠬᠤᠮ ᠢᠶᠠᠨ ᠨᠢᠭᠡᠳᠬᠡᠵᠦ᠂ ᠰᠢᠨ᠎ᠡ ᠴᠠᠭ ᠦᠶ᠎ᠡ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠠᠷᠭ᠎ᠠ ᠬᠡᠮᠵᠢᠶ᠎ᠡ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠳᠤ ᠨᠠᠩ ᠪᠠᠲᠤ ᠴᠢᠩᠭ᠎ᠠ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠬᠤ ᠬᠡᠷᠡᠭᠲᠡᠶ ᠭᠡᠵᠡᠢ᠃  ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠤᠨ ᠪᠦᠬᠦ ᠺᠠᠳ᠋ᠷ ᠠᠵᠢᠯᠳᠠᠨ ᠭᠤᠣᠯ ᠬᠤᠷᠠᠯ ᠤᠨ ᠲᠠᠯᠠᠪᠠᠢ ᠳᠤ᠂ ᠡᠯ᠎ᠡ ᠬᠤᠪᠢᠶᠠᠷᠢ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠨᠠᠮ ᠤᠨ ᠭᠡᠰᠢᠭᠦᠨ ᠺᠠᠳ᠋ᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号