ᠲᠦᠷᠦᠭᠦᠬᠡᠨ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠤᠨ ᠬᠤᠷᠠᠯᠳᠤᠭᠤᠯᠤᠭᠰᠠᠨ ᠪᠥᠬᠦ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠣᠷᠣᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠬᠤ᠂ ᠠᠵᠤ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ | ᠦᠵᠡᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ | ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠭ᠎ᠠ ᠬᠡᠮᠵᠢᠶ᠎ᠡ ᠪᠠ | ᠪᠡᠯᠡ ᠣᠷᠣᠭᠤᠯᠤᠯᠲᠠ ᠶᠢᠨ ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠥᠬᠦ ᠣᠷᠣᠨ ᠤ ᠪᠠᠶᠢᠭᠤᠯᠵᠤ | ᠪᠠᠶᠢᠭ᠎ᠠ ᠤᠰᠤᠨ ᠠᠰᠢᠭᠯᠠᠯᠲᠠ ᠶᠢᠨ ᠲᠥᠷᠥᠯ ᠵᠦᠢᠯ 1234 ᠪᠣᠯᠵᠤ᠂ ᠡᠭᠦᠨ ᠳᠤ ᠰᠢᠨ᠎ᠡ ᠪᠠᠷ ᠠᠵᠢᠯ | ᠡᠬᠢᠯᠡᠭᠦᠯᠦᠭᠰᠡᠨ ᠲᠥᠷᠥᠯ ᠵᠦᠢᠯ 1171 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 658 ᠳ᠋ᠦᠩᠰᠢᠭᠤᠷ | ᠲᠥᠭᠦᠷᠢᠭ ᠲᠤ ᠬᠦᠷᠴᠦ᠂ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ᠂ ᠴᠤᠤᠯ | ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠥᠪᠥᠷ | ᠮᠣᠩᠭᠤᠯ ᠤᠨ ᠰᠠᠯᠪᠤᠷᠢ ᠱᠤᠭᠤᠮ᠂ ᠳ᠋ᠦᠩ ᠲᠠᠶᠢᠽᠢ ᠤᠰᠤᠨ ᠴᠥᠭᠦᠷᠥᠮ᠂ ᠪᠣᠷᠣᠳᠣᠬᠤᠢ ᠶᠢᠨ ᠤᠰᠤᠯᠠᠯᠲᠠ ᠶᠢᠨ | ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠨᠢᠭᠡ | ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠠᠮᠲᠤ ᠳᠤ ᠨᠢ ᠪᠦᠲᠦᠭᠡᠨ ᠪᠠᠶᠢᠭᠤᠯᠬᠤ ᠶᠢ | ᠲᠦᠯᠬᠢᠨ ᠠᠬᠢᠭᠤᠯᠵᠤ᠂ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ 7 | ᠵᠦᠢᠯ ᠳᠤ ᠬᠦᠷᠦᠭᠦᠯᠵᠦ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢ 452 ᠳ᠋ᠦᠩᠰᠢᠭᠤᠷ ᠲᠥᠭᠦᠷᠢᠭ ᠠᠴᠠ | ᠳᠠᠪᠠᠭᠤᠯᠵᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠠᠶᠢᠭᠤᠯᠵᠤ ᠪᠠᠶᠢᠭ᠎ᠠ ᠲᠤᠭ᠎ᠠ | ᠬᠡᠮᠵᠢᠶ᠎ᠡ᠂ ᠪᠡᠯᠡ ᠣᠷᠣᠭᠤᠯᠤᠯᠲᠠ ᠶᠢᠨ ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢ ᠶᠡᠬᠡᠪᠡᠷ | ᠨᠡᠮᠡᠭᠳᠡᠭᠦᠯᠦᠨ᠎ᠡ᠃ ᠲᠥᠪ ᠤᠨ ᠪᠠᠯᠠ ᠮᠥᠩᠭᠦ ᠶᠢ ᠲᠡᠮᠡᠴᠡᠨ ᠤᠯᠬᠤ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ ᠪᠠᠷ ᠢᠳᠡᠪᠬᠢᠲᠡᠶ ᠴᠢᠷᠮᠠᠶᠢᠵᠤ᠂ ᠪᠥᠬᠦ ᠤᠯᠤᠰ ᠲᠤ ᠠᠶᠢᠮᠠᠭ ᠬᠤᠲᠠ | ᠬᠤᠰᠢᠭᠤ ᠰᠢᠶᠠᠨ ᠤ ᠲᠥᠪ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠢᠵᠢ ᠪᠥᠷᠢᠳᠦᠭᠦᠯᠬᠦ ᠪᠠᠯᠠ | ᠮᠥᠩᠭᠦ ᠶᠢ ᠤᠷᠢᠳᠠᠪᠠᠷ ᠬᠦᠴᠦᠨ ᠥᠬᠡᠶ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ | ᠬᠥᠩᠭᠡᠷᠡᠭᠦᠯᠦᠨ᠎ᠡ᠃ 2023 ᠣᠨ ᠳᠤ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ 182 ᠳ᠋ᠦᠩᠰᠢᠭᠤᠷ | ᠲᠥᠭᠦᠷᠢᠭ ᠨᠠᠶᠢᠳᠠᠪᠤᠷᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 34.8% ᠪᠠᠷ ᠨᠡᠮᠡᠭᠳᠡᠪᠡ᠃ | ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠡᠶᠡᠯᠡᠭᠦᠯᠦᠭᠰᠡᠨ ᠪᠠᠶᠢᠳᠠᠯ ᠲᠡᠦᠬᠡ ᠶᠢᠨ ᠬᠠᠮᠤᠭ ᠤᠨ ᠥᠨᠳᠥᠷ | ᠲᠡᠮᠳᠡᠭᠯᠡᠯ ᠢ ᠡᠭᠦᠳᠪᠡ᠃ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠤᠰᠤᠨ ᠠᠰᠢᠭᠯᠠᠯᠲᠠ ᠶᠢᠨ | ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠴᠠᠭ ᠲᠤᠬᠠᠶ ᠳᠤᠨᠢ ᠵᠠᠳᠠᠯᠤᠨ ᠪᠠᠭᠤᠯᠭᠠᠵᠤ᠂ ᠪᠠᠯᠠ | ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ 2023 | ᠣᠨ ᠳᠤ ᠪᠥᠬᠦ ᠣᠷᠣᠨ ᠤ ᠲᠥᠪ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 98.05% ᠳᠤ | ᠬᠦᠷᠴᠦ᠂ ᠨᠢᠳᠤᠨᠤᠨ ᠤ ᠬᠢ ᠠᠴᠠ ᠵᠠᠭᠤᠨ ᠤ 3.5 ᠬᠤᠪᠢ ᠨᠡᠮᠡᠭᠳᠡᠵᠦ᠂ ᠡᠭᠦᠨ ᠳᠤ ᠴᠢᠬᠤᠯᠠ ᠶᠡᠭᠡ | ᠢᠨᠵᠧᠨᠧᠷᠢᠩ ᠢ ᠪᠡᠶᠡᠯᠡᠭᠦᠯᠦᠭᠰᠡᠨ ᠨᠣᠷᠮ᠎ᠠ 98.57% ᠳᠤ ᠬᠦᠷᠴᠦ᠂ ᠪᠤᠰᠤᠳ ᠢᠨᠵᠧᠨᠧᠷᠢᠩ ᠢ ᠪᠡᠶᠡᠯᠡᠭᠦᠯᠦᠭᠰᠡᠨ | ᠨᠣᠷᠮ᠎ᠠ 97.12% ᠳᠤ ᠬᠦᠷᠴᠦ᠂ ᠣᠨ ᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ | ᠲᠦᠷᠭᠡᠳᠪᠡ᠃ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ ᠤᠷᠤᠭᠤᠯᠬᠤ ᠢᠨᠵᠧᠨᠧᠷᠢᠩ ᠤᠨ | ᠤᠰᠤ ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠦᠨᠳᠡᠭᠡᠨ ᠤᠰᠤᠨ | ᠠᠰᠢᠭᠯᠠᠯᠲᠠ ᠶᠢᠨ ᠬᠦᠢᠰᠦ ᠶᠢᠨ ᠳᠣᠣᠷᠠᠳᠤ ᠬᠠᠭᠠᠯᠲᠠ ᠪᠠᠷ ᠤᠰᠤ ᠬᠠᠳᠠᠭᠠᠯᠠᠬᠤ᠂ ᠡᠬᠢᠨ ᠤ ᠬᠤᠭᠤᠴᠠᠭᠠᠨ ᠤ ᠦᠷ᠎ᠡ | ᠠᠰᠢᠭ ᠢ ᠪᠠᠳᠠᠷᠠᠭᠤᠯᠵᠤ᠂ ᠳ᠋ᠦᠩ ᠲᠠᠶᠢᠽᠢ ᠤᠰᠤᠨ ᠴᠥᠭᠦᠷᠥᠮ ᠤᠨ ᠪᠠᠷᠢᠯᠭ᠎ᠠ ᠭᠤᠣᠯ ᠴᠣᠭᠴᠠ ᠶᠢᠨ ᠪᠠᠷᠢᠯᠭ᠎ᠠ ᠶᠢᠨ | ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ | ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤ | ᠬᠠᠩᠭᠠᠬᠤ ᠢᠨᠵᠧᠨᠧᠷᠢᠩ ᠤᠨ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠪᠣᠷᠣᠲᠣᠬᠤᠶ᠂ ᠳ᠋ᠧᠩᠺᠸᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠪᠠ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠤᠰᠤᠯᠠᠯᠲᠠ ᠶᠢᠨ | ᠲᠠᠯᠠᠪᠠᠢ ᠶᠢ 198.3 ᠲᠦᠮᠡᠨ ᠮᠦ ᠰᠠᠶᠢᠵᠢᠷᠠᠭᠤᠯᠵᠤ ᠪᠣᠯᠤᠨ᠎ᠠ᠃ | ᠪᠤᠰᠤᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠣᠯᠪᠠ᠃ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠢᠰᠲ᠋ᠧᠮᠵᠢ ᠶᠢ ᠶᠡᠬᠡᠪᠡᠷ | ᠲᠡᠭᠦᠯᠳᠡᠷᠵᠢᠭᠦᠯᠦᠨ᠂ 4.81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 531 ᠲᠥᠪᠯᠡᠷᠡᠩᠭᠦᠶ ᠤᠰᠤ | ᠬᠠᠩᠭᠠᠬᠤ ᠢᠨᠵᠧᠨᠧᠷᠢᠩ᠂ 909 ᠲᠠᠷᠠᠬᠠᠶ ᠪᠤᠲᠠᠷᠬᠠᠶ ᠮᠠᠶ᠋ᠢᠭ ᠤᠨ ᠤᠰᠤᠨ ᠰᠤᠷᠪᠤᠯᠵᠢ ᠶᠢᠨ ᠢᠨᠵᠧᠨᠧᠷᠢᠩ ᠢ | ᠰᠢᠨ᠎ᠡ ᠪᠠᠷ ᠪᠠᠶᠢᠭᠤᠯᠤᠨ ᠥᠷᠭᠡᠳᠬᠡᠨ ᠪᠠᠶᠢᠭᠤᠯᠵᠤ᠂ 32 ᠲᠦᠮᠡᠨ ᠲᠠᠷᠢᠶᠠᠴᠢᠨ ᠮᠠᠯᠴᠢᠨ ᠠᠰᠢᠭ ᠬᠦᠷᠲᠡᠵᠦ᠂ | ᠬᠢᠯᠢ ᠶᠢᠨ ᠮᠠᠯᠵᠢᠬᠤ ᠣᠷᠣᠨ ᠤ 1.4 ᠲᠦᠮᠡᠨ ᠲᠠᠷᠢᠶᠠᠴᠢᠨ ᠮᠠᠯᠴᠢᠳ ᠤᠨ ᠤᠰᠤ ᠲᠠᠲᠠᠬᠤ ᠵᠠᠶ ᠶᠢ ᠪᠣᠭᠤᠨᠢᠰᠬᠠᠭᠠᠳ | 5 ᠺᠢᠯᠣᠮᠧᠲᠷ ᠤᠨ ᠳᠣᠲᠣᠷ᠎ᠠ ᠪᠣᠯᠭᠠᠪᠠ᠃ ︽ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ | ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠢᠷᠭᠤᠭᠠᠨ | ᠲᠥᠷᠥᠯ ᠤᠨ ᠢᠨᠵᠧᠨᠧᠷᠢᠩ ᠤᠨ 175 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠬᠡᠷᠡᠭᠵᠢᠭᠦᠯᠵᠦ᠂ ᠤᠰᠤ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠢᠶᠠᠷ ᠳᠥᠯᠭᠢᠨ | ᠠᠬᠢᠭᠤᠯᠵᠤ᠂ 54 ᠵᠢᠵᠢᠭ ᠰᠠᠪᠠ ᠭᠠᠵᠠᠷ ᠢ ᠵᠠᠰᠠᠵᠤ᠂ 779 ᠵᠤᠷᠪᠤᠰ ᠭᠤᠤ ᠰᠤᠪᠠᠭ ᠢ ᠢᠳᠡᠭᠳᠡᠭᠦᠯᠵᠦ᠂ 1.75 | ᠲᠦᠮᠡᠨ ᠮᠦ ᠠᠭᠤᠯᠠᠨ ᠬᠠᠰᠢᠯᠭ᠎ᠠ ᠶᠢ ᠰᠢᠨ᠎ᠡ ᠪᠠᠷ ᠪᠠᠶᠢᠭᠤᠯᠵᠤ᠂ 29 ᠰᠠᠭᠤᠷᠢ ᠠᠶᠤᠯ ᠢ ᠠᠷᠢᠯᠭᠠᠨ ᠪᠠᠬᠢᠯᠡᠵᠦ᠂ | 62 ᠰᠠᠭᠤᠷᠢ ᠡᠯᠡᠰᠦ ᠶᠢ ᠬᠠᠰᠢᠨ ᠵᠠᠰᠠᠵᠤ᠂ ᠤᠰᠤ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠶ ᠶᠢ | 1163 ᠲᠦᠮᠡᠨ ᠮᠥ ᠪᠡᠶᠡᠯᠡᠭᠦᠯᠪᠡ᠃ ᠠᠷᠪᠠᠨ ᠶᠡᠭᠡ ᠨᠦᠬᠡ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠭᠡᠨ | ᠠᠬᠢᠭᠤᠯᠵᠤ᠂ ᠬᠢᠯᠠᠰ ᠴᠡᠭᠲᠦ ᠢᠨᠵᠧᠨᠧᠷᠢᠩ ᠢ ᠪᠣᠢ ᠪᠣᠯᠭᠠᠵᠤ᠂ ᠤᠰᠤ ᠬᠦᠷᠦᠰᠦᠨ ᠤ ᠢᠳᠡᠭᠳᠡᠯ ᠢ ᠵᠠᠰᠠᠭᠰᠠᠨ | ᠲᠠᠯᠠᠪᠠᠢ 162 ᠲᠡᠭᠰᠢ ᠳᠦᠷᠪᠡᠯᠵᠢᠨ ᠺᠢᠯᠤᠮᠧᠲ᠋ᠧᠷ ᠪᠤᠯᠤᠨ᠎ᠠ᠃ | ᠤᠰᠤᠨ ᠤ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠠᠬᠢᠭᠤᠯᠪᠠ᠃ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠠᠬᠢᠭᠤᠯᠵᠤ᠂ ︽ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ︾ ᠢ ᠵᠣᠬᠢᠶᠠᠨ | ᠪᠠᠶᠢᠭᠤᠯᠤᠨ ᠲᠣᠭᠲᠠᠭᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠪᠥᠬᠦ ᠣᠷᠣᠨ ᠤ ᠭᠤᠤᠯ ᠤᠨ ᠵᠠᠮ ᠤᠨ ᠦᠶᠡᠷ ᠵᠠᠯᠠᠬᠤ ᠶᠢ | ᠬᠠᠷᠰᠢᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠠᠳᠬᠤᠵᠤ᠂ 625 ᠠᠰᠠᠭᠤᠳᠠᠯ ᠢ ᠵᠢᠭᠰᠠᠭᠠᠨ ᠪᠠᠶᠢᠴᠠᠭᠠᠵᠤ᠂ 1 ᠠᠰᠠᠭᠤᠳᠠᠯ ᠢ ᠨᠢᠭᠡᠨᠲᠡ | ᠬᠤᠶᠢᠰᠢᠯᠠᠭᠤᠯᠤᠭᠰᠠᠨ ᠠᠴᠠ ᠭᠠᠳᠠᠨ᠎ᠠ᠂ ᠪᠤᠰᠤᠳ 624 ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠪᠠ᠃ | ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠪᠥᠬᠦ ᠣᠷᠣᠨ ᠳᠤ ᠡᠯ᠎ᠡ ᠲᠥᠷᠥᠯ ᠤᠨ ᠭᠤᠤᠯ ᠮᠥᠷᠡᠨ ᠨᠠᠭᠤᠷ ᠴᠥᠭᠦᠷᠥᠮ ᠤᠨ | ᠠᠰᠠᠭᠤᠳᠠᠯ ᠢ ᠨᠡᠶᠢᠲᠡ 1016 ᠵᠢᠭᠰᠠᠭᠠᠨ ᠪᠠᠶᠢᠴᠠᠭᠠᠵᠤ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ︔ | 2023 ᠣᠨ ᠤ ᠬᠠᠲᠤᠨ ᠭᠤᠣᠯ ᠤᠨ ᠲᠠᠩ ᠭᠠᠵᠠᠷ ᠤᠨ 770 ᠡᠷᠦᠬᠡ᠂ 1853 ᠬᠥᠮᠦᠨ ᠢ ᠨᠡᠭᠦᠯᠭᠡᠨ | ᠪᠠᠶᠢᠭᠤᠯᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠨᠡᠶᠢᠲᠡ 1687 ᠡᠷᠦᠬᠡ᠂ 4213 ᠬᠥᠮᠦᠨ ᠢ ᠨᠡᠭᠦᠯᠭᠡᠨ | ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠨᠡᠭᠦᠯᠭᠡᠨ ᠪᠠᠶᠢᠭᠤᠯᠬᠤ ᠡᠭᠦᠷᠭᠡ ᠶᠢ | ᠪᠦᠬᠦᠨ ᠢ ᠪᠡᠶᠡᠯᠡᠭᠦᠯᠪᠡ᠃ ᠬᠥᠯᠥᠨ ᠨᠠᠭᠤᠷ ᠤᠨ ᠠᠮᠢ ᠠᠬᠤᠢ ᠶᠢᠨ ᠤᠰᠤ ᠨᠥᠬᠦᠪᠥᠷᠢᠯᠡᠬᠦ ᠠᠵᠢᠯ ᠢ ᠢᠳᠡᠪᠬᠢᠲᠡᠢ | ᠰᠠᠶᠢᠲᠤᠷ ᠬᠢᠵᠦ᠂ ᠬᠠᠲᠤᠨ ᠭᠤᠣᠯ ᠤᠨ ᠰᠦᠩ ᠬᠠᠯᠢᠶ᠎ᠠ ᠶᠢ ᠰᠠᠯᠭᠠᠬᠤ᠂ ᠤᠰᠤᠯᠠᠯᠲᠠ ᠶᠢᠨ ᠬᠤᠭᠤᠴᠠᠭ᠎ᠠ ᠶᠢ | ᠠᠰᠢᠭᠯᠠᠨ ᠤᠯᠠᠭᠠᠨᠰᠤᠬᠠᠢ ᠠᠴᠠ 4.87 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ | ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ | ᠡᠨᠡ ᠵᠢᠯ ᠨᠢᠭᠡᠨᠲᠡ 2651 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ᠃ ᠪᠠᠷᠠᠭᠤᠨ | ᠯᠢᠶᠣᠤᠾᠧ ᠭᠤᠤᠯ ᠤᠨ ︽ᠤᠰᠤᠨ ᠤ ᠬᠡᠮᠵᠢᠶ᠎ᠡ ᠪᠠᠷ ᠵᠢᠭᠤᠯᠴᠢᠯᠠᠬᠤ︾ ᠶᠢ ᠭᠦᠨᠵᠡᠭᠡᠶ ᠠᠬᠢᠭᠤᠯᠵᠤ᠂ ︽ᠥᠪᠥᠷ | ᠮᠣᠩᠭᠤᠯ ᠤᠨ ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ ᠤᠨ ︽ᠤᠰᠤᠨ ᠤ ᠬᠡᠮᠵᠢᠶ᠎ᠡ ᠪᠠᠷ ᠶᠠᠪᠤᠬᠤ︾ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ | ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠰᠠᠶᠢᠲᠤᠷ | ᠬᠢᠵᠦ᠂ 2023 ᠣᠨ ᠳᠤ ᠪᠠᠷᠠᠭᠤᠨ ᠯᠢᠶᠤᠤᠾᠧ ᠭᠤᠤᠯ ᠤᠨ ᠭᠤᠤᠯ ᠤᠷᠤᠰᠬᠠᠯ ᠤᠨ ᠳᠣᠷᠣᠭᠰᠢ ᠤᠷᠤᠰᠬᠤ | ᠤᠰᠤᠨ ᠤ ᠬᠡᠮᠵᠢᠶ᠎ᠡ ᠶᠢ ᠨᠡᠶᠢᠲᠡ 1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠭᠠᠨ᠎ᠠ᠃ | |