︽ᠠᠷᠠᠳ ᠤᠨ ᠡᠳᠦᠷ ᠤᠨ ᠰᠣᠨᠢᠨ︾ ︵2024 ᠣᠨ ᠤ 01ᠳ᠋ᠦ᠋ᠭᠡᠷ ᠰᠠᠷ᠎ᠠ ᠶᠢᠨ 04 ᠤ ᠡᠳᠦᠷ 14 | ᠳ᠋ᠦ᠋ᠭᠡᠷ ᠬᠡᠪᠯᠡᠯ︶ | ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠄ ︽ᠠᠷᠪᠠᠨ ᠳᠥᠷᠪᠡᠳᠦᠭᠡᠷ | ᠲᠠᠪᠤᠨ ᠵᠢᠯ︾ ᠠᠴᠠ ᠨᠠᠭᠠᠰᠢ᠂ 3.7 ᠲᠦᠮᠡ ᠭᠠᠷᠤᠶ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤ | ᠪᠠᠶᠢᠳᠠᠯ ᠢ ᠬᠡᠮᠵᠢᠨ ᠮᠡᠳᠡᠭᠦᠯᠬᠦ ᠲᠥᠬᠦᠭᠡᠷᠦᠮᠵᠢ᠂ 2.6 ᠲᠦᠮᠡ ᠭᠠᠷᠤᠶ ᠲᠣᠮᠣ ᠬᠠᠰᠢᠯᠭ᠎ᠠ ᠶᠢᠨ ᠠᠮᠤᠷ ᠲᠦᠪᠰᠢᠨ ᠢ | ᠬᠢᠨᠠᠨ ᠬᠡᠮᠵᠢᠬᠦ ᠲᠥᠬᠦᠭᠡᠷᠦᠮᠵᠢ ᠶᠢ ᠪᠠᠶᠢᠭᠤᠯᠤᠨ ᠪᠦᠲᠦᠭᠡᠭᠰᠡᠨ ᠪᠥᠭᠡᠳ ᠠᠰᠢᠭᠯᠠᠯᠲᠠ ᠳᠤ ᠣᠷᠣᠭᠤᠯᠵᠤ᠂ ᠤᠰᠤᠨ | ᠴᠥᠭᠦᠷᠥᠮ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠪᠡ᠃ | ᠡᠯ᠎ᠡ ᠭᠠᠵᠠᠷ ᠤᠨ 48226 ᠰᠢᠶᠠᠩ ᠪᠠᠯᠭᠠᠰᠤ ᠲᠣᠰᠬᠤᠨ ᠳᠤᠭᠤᠶᠢᠯᠠᠩ ᠤᠨ ᠲᠠᠷᠠᠬᠠᠶ ᠪᠤᠲᠠᠷᠬᠠᠶ ᠬᠠᠮᠢᠶᠠᠷᠴᠤ | ᠪᠠᠶᠢᠭ᠎ᠠ ᠵᠢᠵᠢᠭ ᠬᠡᠯᠪᠡᠷᠢ ᠶᠢᠨ ᠤᠰᠤᠨ ᠴᠥᠭᠦᠷᠥᠮ ᠨᠢ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠶᠢ ᠪᠦᠷᠢᠨ | ᠪᠥᠷᠬᠦᠭᠦᠯᠬᠦ ᠶᠢ ᠪᠡᠶᠡᠯᠡᠭᠦᠯᠵᠦ᠂ ᠤᠰᠤᠨ ᠴᠥᠭᠦᠷᠥᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ ᠶᠢ | ᠪᠠᠬᠢᠵᠢᠭᠦᠯᠪᠡ᠃ | ᠤᠰᠤᠨ ᠴᠥᠭᠦᠷᠥᠮ ᠪᠣᠯ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠰᠢᠰᠲ᠋ᠧᠮ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠪᠠᠰᠠ ᠴᠤ ᠤᠯᠤᠰ ᠤᠨ ᠤᠰᠤᠨ ᠲᠣᠣᠷ ᠤᠨ ᠴᠢᠬᠤᠯᠠ ᠵᠠᠩᠭᠢᠶ᠎ᠠ ᠴᠡᠭ ᠮᠥᠨ᠂ | ᠲᠡᠷᠡ ᠨᠢ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠠᠮᠢ ᠠᠬᠤᠢ ᠵᠡᠷᠭᠡ ᠲᠠᠯ᠎ᠠ ᠪᠠᠷ | ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠵᠦ ᠪᠠᠶᠢᠳᠠᠭ᠃ ᠤᠰᠤᠨ ᠠᠰᠢᠭᠯᠠᠯᠲᠠ ᠶᠢᠨ ᠶᠠᠮᠤᠨ ᠠᠶᠤᠯ | ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠤᠰᠤᠨ ᠴᠥᠭᠦᠷᠥᠮ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ | ᠠᠷᠢᠯᠭᠠᠨ ᠪᠠᠬᠢᠵᠢᠭᠦᠯᠬᠦ᠂ ᠰᠢᠨᠵᠢᠯᠡᠬᠦ ᠤᠬᠠᠭᠠᠨᠴᠢ ᠪᠠᠷ ᠪᠠᠭᠤᠷᠠᠭᠤᠯᠬᠤ ᠵᠡᠷᠭᠡ ᠶᠢ ᠬᠡᠷᠡᠭᠯᠡᠭᠡᠨ ᠠᠴᠠ ᠭᠠᠷᠭᠠᠬᠤ ᠶᠢ | ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠲᠥᠪ ᠠᠴᠠ ᠨᠢᠭᠡᠨᠲᠡ | 11763 ᠤᠰᠤᠨ ᠴᠥᠭᠦᠷᠥᠮ ᠢ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ᠂ ᠤᠰᠤᠨ ᠴᠥᠭᠦᠷᠥᠮ ᠤᠨ | ᠪᠠᠭᠤᠷᠠᠯᠲᠠ ᠵᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷ ᠲᠣᠬᠢᠷᠠᠭᠤᠯᠪᠠ᠃ ᠤᠰᠤᠨ ᠠᠰᠢᠭᠯᠠᠯᠲᠠ ᠶᠢᠨ ᠶᠠᠮᠤᠨ | ᠣᠳᠣᠬᠢᠴᠢᠯᠠᠭᠰᠠᠨ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢᠨ ᠵᠢᠭᠰᠠᠭᠠᠯ ᠤᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ᠤᠰᠤᠨ ᠴᠥᠭᠦᠷᠥᠮ ᠤᠨ ᠨᠠᠷᠢᠯᠢᠭ ᠣᠨᠣᠴᠠᠲᠠᠶ᠂ ᠮᠡᠳᠡᠭᠡ ᠵᠠᠩᠭᠢᠵᠢᠯᠲᠠ᠂ | ᠣᠳᠣᠬᠢᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ 2025 ᠣᠨ ᠪᠣᠯᠬᠤ ᠳᠤ ᠤᠷᠢᠳ ᠢᠶᠠᠷ | ᠬᠢᠵᠦ ᠤᠷᠢᠳ ᠢᠶᠠᠷ ᠲᠤᠷᠰᠢᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠵᠤ᠂ ᠨᠢᠭᠡ ᠪᠦᠯᠦᠭ ᠦᠷ᠎ᠡ | ᠪᠦᠲᠦᠮᠵᠢ ᠪᠠᠷ ᠰᠠᠶᠢᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠷ᠎ᠡ ᠪᠦᠲᠦᠭᠡᠯ ᠢ ᠳ᠋ᠦᠩᠨᠡᠨ ᠪᠣᠶ | ᠪᠣᠯᠭᠠᠪᠠ᠃ | |