ᠠᠷᠠᠳ ᠤᠨ ᠰᠦᠯᠵᠢᠶ᠎ᠡ᠄ 41 ᠲᠦᠮᠡᠨ ᠮᠥ ᠲᠠᠷᠢᠶᠠᠨ ᠭᠠᠵᠠᠷ ᠲᠤ ᠤᠰᠤᠯᠠᠯᠲᠠ ᠶᠢᠨ ᠤᠰᠤᠨ ᠰᠤᠷᠪᠤᠯᠵᠢ ᠬᠠᠩᠭᠠᠨ᠎ᠠ  ᠬᠤᠨᠠᠨ ᠤ ᠶᠢᠨ ᠲᠠᠩ ᠴᠥᠩ ᠤᠰᠤᠨ ᠴᠥᠭᠦᠷᠥᠮ ᠤᠨ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/1/8
  ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ 1 ᠳ᠋ᠦ᠋ᠭᠡᠷ ᠰᠠᠷ᠎ᠠ ᠶᠢᠨ 3 ᠤ ᠡᠳᠦᠷ᠂ ᠬᠤᠨᠠᠨ ᠤ ᠢ ᠶᠠᠩ ᠳᠤ ᠪᠠᠶᠢᠭ᠎ᠠ ᠬᠤᠨᠠᠨ ᠮᠤᠵᠢ ᠶᠢᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠢᠨ ᠲᠠᠩ ᠴᠥᠩ ᠤᠰᠤᠨ ᠴᠥᠭᠦᠷᠥᠮ ᠢ ᠡᠬᠢᠯᠡᠨ ᠪᠠᠶᠢᠭᠤᠯᠪᠠ᠂ ᠡᠨᠡ ᠪᠣᠯ ᠳ᠋ᠦᠩ ᠲᠢᠩ ᠬᠤ᠋ ᠨᠠᠭᠤᠷ ᠤᠨ ᠤᠰᠤᠨ ᠰᠢᠰᠲ᠋ᠧᠮ ᠤᠨ ᠦᠶᠡᠷ ᠢ ᠰᠡᠷᠭᠡᠶᠢᠯᠡᠬᠦ ᠴᠢᠬᠤᠯᠠ ᠪᠠᠷᠢᠯᠭ᠎ᠠ ᠪᠣᠯᠤᠨ᠎ᠠ᠃ ᠴᠥᠭᠦᠷᠥᠮ ᠤᠨ ᠶᠡᠷᠦᠩᠬᠡᠶ ᠪᠠᠭᠲᠠᠭᠠᠮᠵᠢ ᠶᠢ 2.14 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢᠶᠠᠷ ᠲᠥᠯᠥᠪᠯᠡᠵᠦ᠂ ᠡᠭᠦᠨ ᠳᠤ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ 1.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢᠶᠠᠷ ᠲᠥᠯᠥᠪᠯᠡᠵᠡᠶ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 98.43 ᠳ᠋ᠦᠩᠰᠢᠭᠤᠷ ᠲᠥᠭᠦᠷᠢᠭ ᠲᠤ ᠬᠦᠷᠴᠦ᠂ 43 ᠰᠠᠷ᠎ᠠ ᠶᠢᠨ ᠬᠤᠭᠤᠴᠠᠭ᠎ᠠ ᠪᠠᠷ ᠲᠥᠯᠥᠪᠯᠡᠵᠦ᠂ 3064 ᠡᠷᠦᠬᠡ ᠶᠢᠨ 1.1 ᠲᠦᠮᠡ ᠭᠠᠷᠤᠢ ᠬᠥᠮᠦᠨ ᠢ ᠨᠡᠭᠦᠯᠭᠡᠨ ᠲᠥᠪᠬᠢᠨᠡᠭᠦᠯᠪᠡ᠃  ︽ᠰᠢᠨ᠎ᠡ ᠨᠢᠭᠡ ᠵᠢᠯ ᠳᠤ᠂ ᠪᠢᠳᠡ ᠲᠦᠷᠦᠯ ᠵᠦᠢᠯ ᠤᠨ ᠪᠠᠷᠢᠯᠭ᠎ᠠ ᠪᠠᠷ ᠡᠬᠢᠯᠡᠯᠲᠡ ᠪᠣᠯᠭᠠᠵᠤ᠂ ᠲᠦᠷᠦᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ 41 ᠲᠦᠮᠡᠨ ᠮᠦ ᠲᠠᠷᠢᠶᠠᠨ ᠭᠠᠵᠠᠷ ᠲᠤ ᠨᠠᠶᠢᠳᠠᠪᠤᠷᠢᠲᠠᠢ ᠤᠰᠤᠯᠠᠯᠲᠠ ᠶᠢᠨ ᠤᠰᠤᠨ ᠤ ᠡᠬᠢ ᠰᠤᠷᠪᠤᠯᠵᠢ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠪᠡ︾ ᠭᠡᠵᠦ ᠬᠤᠨᠠᠨ ᠮᠤᠵᠢ ᠶᠢᠨ ᠢ ᠶᠠᠩ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᠶᠢᠨ ᠹᠧᠩ ᠬᠡᠯᠡᠵᠡᠶ᠃  ᠣᠶᠢᠯᠠᠭᠠᠭᠰᠠᠨ ᠢᠶᠠᠷ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠳᠡᠭᠡᠳᠦ ᠤᠷᠤᠰᠬᠠᠯ ᠤᠨ ᠵᠧ ᠰᠢ ᠤᠰᠤᠨ ᠴᠥᠭᠦᠷᠥᠮ ᠲᠠᠢ ᠬᠠᠮᠲᠤᠷᠠᠨ ᠲᠣᠬᠢᠷᠠᠭᠤᠯᠤᠯᠲᠠ ᠬᠢᠪᠡᠯ᠂ ᠢ ᠶᠠᠩ ᠤᠨ ᠲᠥᠪ ᠬᠤᠲᠠ ᠶᠢᠨ ᠲᠣᠭᠤᠷᠢᠭ᠂ ᠲᠤᠤ ᠵᠢᠶᠠᠩ ᠰᠢᠶᠠᠨ᠂ ᠳ᠋ᠦᠩ ᠲᠢᠩ ᠬᠤ᠋ ᠨᠠᠭᠤᠷ ᠤᠨ ᠤᠰᠤᠨ ᠰᠢᠰᠲ᠋ᠧᠮ ᠤᠨ ᠡᠬᠢ ᠤᠰᠤᠨ ᠤ ᠣᠬᠤᠷ ᠰᠡᠭᠦᠯ ᠤᠨ 10 ᠬᠠᠰᠢᠯᠭ᠎ᠠ ᠶᠢᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠲᠣᠰ ᠲᠣᠰ 100 ᠵᠢᠯ᠂ 50 ᠵᠢᠯ᠂ 30 ᠵᠢᠯ ᠳᠤ ᠨᠢᠭᠡ ᠤᠳᠠᠭ᠎ᠠ ᠪᠣᠯᠭᠠᠨ ᠳᠡᠭᠡᠭᠰᠢᠯᠡᠭᠦᠯᠵᠦ᠂ 41 ᠲᠦᠮᠡᠨ ᠮᠥ ᠲᠠᠷᠢᠶᠠᠨ ᠭᠠᠵᠠᠷ ᠤᠨ ᠲᠣᠭᠲᠠᠭᠤᠨ ᠪᠥᠭᠡᠳ ᠥᠨᠳᠥᠷ ᠤᠨᠠᠯᠲᠠ ᠲᠠᠢ ᠤᠰᠤᠯᠠᠯᠲᠠ ᠶᠢᠨ ᠤᠰᠤᠨ ᠤ ᠰᠤᠷᠪᠤᠯᠵᠢ ᠶᠢᠨ ᠠᠰᠠᠭᠤᠳᠠᠯ ᠢ ᠨᠢᠭᠡ ᠯᠡ ᠳᠡᠭᠡᠷ᠎ᠡ ᠰᠢᠢᠳᠪᠦᠷᠢᠯᠡᠵᠦ᠂ ᠡᠬᠢ ᠤᠰᠤᠨ ᠤ ᠤᠰᠤᠨ ᠵᠠᠮ ᠤᠨ ᠤᠰᠤᠨ ᠲᠡᠭᠡᠭᠡᠪᠦᠷᠢ ᠶᠢᠨ ᠨᠥᠬᠦᠴᠡᠯ ᠢ ᠬᠦᠴᠦᠲᠡᠶ ᠰᠠᠶᠢᠵᠢᠷᠠᠭᠤᠯᠵᠤ᠂ ᠡᠬᠢ ᠪᠠᠶᠠᠯᠢᠭ ᠤᠨ ᠳᠤᠤᠷᠠᠳᠤ ᠤᠷᠤᠰᠬᠠᠯ ᠤᠨ ᠵᠠᠮ ᠳᠠᠭᠠᠤ ᠶᠢᠨ ᠤᠰᠤ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠵᠤ ᠴᠢᠳᠠᠨ᠎ᠠ᠃  ᠣᠶᠢᠯᠠᠭᠠᠭᠰᠠᠨ ᠢᠶᠠᠷ᠂ ᠶᠢᠨ ᠲᠠᠩ ᠴᠥᠩ ᠤᠰᠤᠨ ᠴᠥᠭᠦᠷᠥᠮ ᠤᠨ ᠢᠨᠵᠧᠨᠧᠷᠢᠩ ᠪᠣᠯ ︽ᠬᠥᠬᠡᠮᠥ᠋ᠷᠡᠨ ᠤ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ︾᠂ ︽ᠤᠰᠤᠨ ᠤ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ︾ ᠳᠤ ᠲᠣᠳᠣᠷᠬᠠᠶᠢᠯᠠᠭᠰᠠᠨ ᠤᠰᠤᠨ ᠤ ᠭᠤᠤᠯ ᠤᠷᠤᠰᠬᠠᠯ ᠤᠨ ᠦᠶᠡᠷ ᠢ ᠰᠡᠷᠭᠡᠶᠢᠯᠡᠵᠦ ᠡᠵᠡᠮᠳᠡᠬᠦ ᠴᠢᠨᠠᠷᠲᠠᠶ ᠢᠨᠵᠧᠨᠧᠷᠢᠩ ᠪᠠᠶᠢᠵᠤ᠂ ᠤᠯᠤᠰ᠂ ᠮᠤᠵᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠪᠠ ︽ᠬᠤᠨᠠᠨ ᠮᠤᠵᠢ ᠶᠢᠨ ᠣᠲᠣ ᠦᠶ᠎ᠡ ᠶᠢᠨ ᠤᠰᠤᠨ ᠤ ᠲᠤᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2021 — 2035 ᠣᠨ︶︾ ᠳᠤ ᠣᠷᠣᠭᠤᠯᠵᠤ᠂ ᠬᠤᠨᠠᠨ ᠮᠤᠵᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢᠨ ᠠᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠤᠨ ᠨᠢᠭᠡ ᠪᠣᠯᠤᠨ᠎ᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号