ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/1/9
  1 ᠳ᠋ᠦ᠋ᠭᠡᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
2024年第一次集体学习.jpg
  ᠬᠤᠷᠠᠯ ᠠᠴᠠ ᠱᠦᠵᠢ ᠰᠦᠨ ᠱᠤᠤ ᠴᠧᠩ ᠪᠣᠯᠤᠨ ᠲᠡᠷᠢᠭᠦᠯᠡᠭᠴᠢ ᠸᠠᠩ ᠯᠢ ᠰᠢᠶᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢ ᠪᠦᠬᠦ ᠠᠭᠤᠯᠭ᠎ᠠ ᠪᠠᠷ ᠨᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠠᠷᠭ᠎ᠠ ᠬᠡᠮᠵᠢᠶ᠎ᠡ᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠪᠢᠴᠢᠭ ᠮᠠᠲ᠋ᠧᠷᠢᠶᠠᠯ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾᠂ ︽ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾ ᠢ ᠪᠦᠬᠦ ᠠᠭᠤᠯᠭ᠎ᠠ ᠪᠠᠷ ᠳᠠᠮᠵᠢᠭᠤᠯᠤᠨ       ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠬᠤᠷᠠᠯ ᠠᠴᠠ ᠴᠢᠬᠤᠯᠠᠴᠢᠯᠠᠭᠰᠠᠨ ᠨᠢ᠂ ᠤᠰᠤᠨ ᠠᠰᠢᠭᠯᠠᠯᠲᠠ ᠶᠢᠨ ᠲᠢᠩᠬᠢᠮ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠤᠰᠤᠨ ᠠᠰᠢᠭᠯᠠᠯᠲᠠ ᠶᠢᠨ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠵᠢᠷᠭᠤᠭᠠᠨ ᠢᠨᠵᠧᠨᠧᠷᠢᠩ︾ ᠪᠣᠯ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠴᠢᠨᠠᠷᠲᠠᠢ᠂ ᠳᠠᠶᠢᠴᠢᠯᠠᠬᠤ ᠴᠢᠨᠠᠷᠲᠠᠢ ᠴᠢᠬᠤᠯᠠ ᠶᠡᠭᠡ ᠡᠭᠦᠷᠭᠡ ᠪᠣᠯᠬᠤ ᠶᠢ ᠭᠦᠨᠵᠡᠭᠡᠢ ᠲᠠᠨᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠳᠠᠪᠠᠭᠤᠯᠢᠭ ᠢᠶᠠᠨ ᠪᠠᠳᠠᠷᠠᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠨᠠᠷᠢᠯᠢᠭ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠰᠤᠨ ᠠᠰᠢᠭᠯᠠᠯᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠣᠨᠣᠪᠴᠢᠲᠠᠢ ᠪᠠᠲᠤ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠣᠨ︾ ᠪᠣᠯᠤᠨ ᠮᠥᠩᠭᠦᠨ ᠭᠦᠢᠯᠭᠡᠭᠡᠨ ᠤ ᠬᠦᠷᠢᠶᠡᠨ ᠤ ᠲᠠᠪᠤᠨ ᠶᠡᠭᠡ ᠠᠵᠢᠯ ᠤᠨ ᠱᠠᠭᠠᠷᠳᠠᠯᠭ᠎ᠠ ᠶᠣᠰᠣᠭᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠬᠦ ᠰᠠᠨᠠᠯ ᠵᠢᠴᠢ ᠤᠰᠤᠨ ᠠᠰᠢᠭᠯᠠᠯᠲᠠ ᠶᠢᠨ ᠶᠠᠮᠤᠨ ᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠰᠢᠢᠳᠪᠦᠷᠢᠲᠦ ᠪᠤᠳᠤᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠬᠤ ᠬᠡᠷᠡᠭᠲᠡᠢ ᠭᠡᠵᠡᠢ᠃  ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ ᠪᠣᠯᠤᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠠᠰᠠᠭᠤᠳᠠᠯ ᠤᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠴᠢᠩᠭ᠎ᠠ ᠪᠠᠶᠢᠬᠤ ᠶᠢ ᠢᠮᠠᠭᠲᠠ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠦᠶᠡᠯᠡᠯ ᠤᠨ ᠬᠤᠭᠤᠴᠠᠭᠠᠨ ᠳᠤ ᠪᠦᠬᠦᠨ ᠢ ᠬᠠᠮᠤᠷᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠬᠦ ᠪᠠ ᠵᠠᠯᠠᠷᠠᠭᠤᠯᠤᠨ ᠵᠠᠰᠠᠵᠤ᠂ ︽ᠭᠠᠮᠨᠠᠨ ᠠᠷᠪᠢᠯᠠᠬᠤ︾ ᠠᠵᠢᠯ ᠳᠤ ᠳᠠᠳᠴᠤ᠂ ᠠᠷᠪᠢᠯᠠᠨ ᠭᠠᠮᠨᠠᠵᠤ ᠬᠤᠷᠠᠯ ᠡᠷᠬᠢᠯᠡᠬᠦ᠂ ᠠᠵᠢᠯᠯᠠᠭ᠎ᠠ ᠡᠷᠬᠢᠯᠡᠬᠦ ᠳᠤ ᠳᠠᠳᠴᠤ᠂ ᠡᠯ᠎ᠡ ᠲᠦᠷᠦᠯ ᠤᠨ ᠴᠢᠬᠤᠯᠠ ᠪᠤᠰᠤ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ︽ᠶᠡᠭᠡ ᠳᠡᠯᠭᠡᠴᠡ︾᠂ ︽ᠶᠡᠭᠡ ᠬᠤᠷᠠᠯ ᠤᠨ ᠲᠠᠯᠠᠪᠠᠢ︾᠂ ︽ᠲᠤᠮᠤ ᠲᠠᠯᠠᠪᠠᠢ︾ ᠬᠢᠬᠦ ᠶᠢ ᠡᠷᠡᠰ ᠡᠰᠡᠷᠭᠦᠴᠡᠵᠦ᠂ ︽ᠲᠦᠷ ᠴᠠᠭ ᠤᠨ ᠰᠢᠢᠳᠪᠦᠷᠢᠲᠦ ᠪᠤᠳᠤᠯᠭ᠎ᠠ︾ ᠶᠢ ︽ᠤᠷᠳᠤ ᠬᠤᠭᠤᠴᠠᠭᠠᠨ ᠤ ᠳᠠᠷᠤᠭᠠᠰᠤ︾ ᠪᠣᠯᠭᠠᠵᠤ ᠶᠠᠭᠠᠬᠢᠭᠰᠠᠨ ᠴᠤ ᠪᠣᠯᠬᠤ ᠦᠭᠡᠢ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠳᠡᠭᠡᠷ᠎ᠡ ᠢᠮᠠᠭᠲᠠ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ᠲᠤᠬᠠᠢ ᠵᠥᠪ ᠲᠠᠨᠢᠯᠲᠠ ᠪᠠ ᠲᠡᠦᠬᠡ ᠶᠢᠨ ᠢᠲᠡᠭᠡᠯ ᠢ ᠴᠢᠩᠭᠠᠳᠬᠠᠵᠤ᠂ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠪᠣᠳᠠᠲᠠᠢ ᠳᠦᠷᠦᠭᠳᠡᠯ ᠲᠠᠢ ᠪᠦᠲᠦᠮᠵᠢᠲᠡᠢ ᠪᠠᠶᠢᠬᠤ ᠬᠡᠷᠡᠭᠲᠡᠢ᠃ ︽ᠬᠠᠲᠤᠨ ᠭᠤᠤᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ ᠰᠤᠳᠤᠯᠤᠨ ᠶᠠᠷᠢᠯᠴᠠᠬᠤ ᠬᠤᠷᠠᠯ ᠢ ᠰᠠᠶᠢᠲᠤᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠦᠨᠳᠦᠰᠦᠨ ᠠᠭᠤᠯᠭ᠎ᠠ ᠪᠣᠯᠭᠠᠭᠰᠠᠨ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠬᠡᠪ ᠰᠤᠷᠲᠠᠯ ᠤᠨ ᠥᠭᠡᠳᠡᠯᠡᠨ ᠳᠠᠪᠰᠢᠬᠤ ᠶᠢ ᠬᠥᠲᠥᠯᠦᠨ ᠳᠠᠭᠠᠭᠤᠯᠬᠤ ᠬᠡᠷᠡᠭᠲᠡᠶ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠭᠡᠰᠢᠭᠦᠨ ᠬᠤᠷᠠᠯ ᠳᠤ ᠣᠷᠣᠯᠴᠠᠪᠠ᠃    ︵ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠠᠩᠭᠠᠪᠠ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号