ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠦᠪᠰᠢᠶᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/10/12
ᠬᠡᠯᠬᠢᠶᠡᠰᠦᠨ ᠨᠣᠮᠧᠷ᠄ 000014348/2024 — 06739ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 68 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 10 ᠳ᠋ᠤᠭᠠᠷ ᠰᠠᠷ᠎ᠠ ᠶᠢᠨ 10 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ  ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠳᠠᠬᠢ ᠴᠠᠬᠢᠯᠭᠠᠨ ᠬᠠᠩᠭᠠᠬᠤ ᠺᠣᠮᠫᠠᠨᠢ᠄  ᠮᠠᠨ ᠤ ᠲᠢᠩᠬᠢᠮ  2024 ᠣᠨ ᠤ 8 ᠳ᠋ᠤᠭᠠᠷ ᠰᠠᠷ᠎ᠠ ᠶᠢᠨ 23 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠭᠥᠯᠢᠶᠡᠨ ᠠᠪᠴᠤ ᠰᠢᠢᠳᠪᠦᠷᠢᠯᠡᠨ᠎ᠡ ᠃ ᠬᠢᠨᠠᠨ ᠪᠠᠶᠢᠴᠠᠭᠠᠭᠠᠳ ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ ᠃  ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠂ ᠯᠢᠨᠰᠢ ᠰᠢᠶᠠᠨ ᠂ ᠪᠠᠭᠠᠷᠢᠨ ᠪᠠᠷᠠᠭᠤᠨ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ ᠨᠢ 90.81 ᠾᠧᠺᠲ᠋ᠠᠷ ᠲᠤ ᠬᠦᠷᠴᠦ ᠂ ᠨᠡᠶᠢᠲᠡ 49.16 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠶ ᠴᠢᠯᠠᠭᠤᠨ ᠤ ᠠᠵᠢᠯ ᠢ ᠡᠬᠢᠯᠡᠭᠦᠯᠪᠡ ᠃ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 55463 ᠲᠦᠮᠡᠨ ᠲᠥᠭᠦᠷᠢᠭ ᠲᠤ ᠬᠦᠷᠴᠦ ᠂ 2024 ᠣᠨ ᠤ 10 ᠳ᠋ᠤᠭᠠᠷ ᠰᠠᠷ᠎ᠠ ᠳᠤ ᠠᠵᠢᠯ ᠢᠶᠠᠨ ᠡᠬᠢᠯᠡᠭᠦᠯᠵᠦ ᠂ 2025 ᠣᠨ ᠤ 12 ᠳ᠋ᠤᠭᠠᠷ ᠰᠠᠷ᠎ᠠ ᠳᠤ ᠠᠵᠢᠯ ᠢᠶᠠᠨ ᠳᠠᠭᠤᠰᠬᠠᠵᠤ ᠂ ᠶᠡᠷᠦᠩᠬᠡᠢ ᠠᠵᠢᠯ ᠤᠨ ᠬᠤᠭᠤᠴᠠᠭ᠎ᠠ 15 ᠰᠠᠷ᠎ᠠ ᠪᠣᠯᠤᠨ᠎ᠠ ᠃  ᠨᠢᠭᠡ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠤ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 90.81 ᠾᠧᠺᠲ᠋ᠠᠷ ᠲᠤ ᠬᠦᠷᠪᠡ ᠃  ︵ᠬᠤᠶᠠᠷ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠨᠤᠲᠤᠭ ᠤᠨ ᠴᠢᠯᠠᠭᠤᠨ ᠠᠭᠤᠯᠠᠷᠬᠠᠭ ᠣᠷᠣᠨ ᠪᠠ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ ᠃  ︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠪᠣᠯ᠄ ᠤᠰᠤ ᠬᠦᠷᠦᠰᠦ ᠶᠢᠨ ᠢᠳᠡᠭᠳᠡᠯ ᠢ ᠵᠠᠰᠠᠬᠤ ᠬᠡᠮᠵᠢᠶ᠎ᠡ 97% ᠂ ᠤᠰᠤ ᠬᠦᠷᠦᠰᠦ ᠶᠢᠨ ᠢᠳᠡᠭᠳᠡᠯ ᠢ ᠬᠢᠵᠠᠭᠠᠷᠯᠠᠬᠤ ᠨᠣᠷᠮ᠎ᠠ 1.0% ᠂ ᠬᠤᠭ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 97% ᠂ ᠤᠰᠤ ᠬᠦᠷᠦᠰᠦ ᠶᠢᠨ ᠬᠠᠮᠠᠭᠠᠯᠠᠯᠲᠠ ᠶᠢᠨ ᠨᠣᠷᠮ᠎ᠠ 98% ᠂ ᠣᠶ ᠰᠢᠭᠤᠶ ᠡᠪᠡᠰᠦ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 97% ᠂ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ 27% ᠪᠣᠯᠤᠨ᠎ᠠ ᠃  ︵ᠲᠦᠷᠪᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ ᠃  ︵ᠲᠠᠪᠤ ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠬᠦᠷᠦᠰᠦ ᠶᠢ ᠬᠠᠮᠠᠭᠠᠯᠠᠬᠤ ᠨᠥᠬᠦᠪᠦᠷᠢ ᠮᠥᠩᠭᠦ 154.377 ᠲᠦᠮᠡᠨ ᠲᠥᠭᠦᠷᠢᠭ ︵ᠡᠭᠦᠨ ᠳᠤ ᠬᠡᠰᠢᠭᠲᠡᠨ ᠬᠤᠰᠢᠭᠤᠨ ᠳᠤ 16.847 ᠲᠦᠮᠡᠨ ᠲᠥᠭᠦᠷᠢᠭ ᠂ ᠯᠢᠨᠰᠢ ᠰᠢᠶᠠᠨ ᠳᠤ 52.037 ᠲᠦᠮᠡᠨ ᠲᠥᠭᠦᠷᠢᠭ ᠂ ᠪᠠᠭᠠᠷᠢᠨ ᠪᠠᠷᠠᠭᠤᠨ ᠬᠤᠰᠢᠭᠤᠨ ᠳᠤ 85.493 ᠲᠦᠮᠡᠨ ᠲᠥᠭᠦᠷᠢᠭ︶ ᠶᠢ ᠦᠨᠳᠦᠰᠦᠨ ᠳᠤ ᠪᠠᠨ ᠵᠥᠪᠰᠢᠶᠡᠷᠡᠪᠡ ᠃  ᠬᠤᠶᠠᠷ ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠬᠦᠷᠦᠰᠦ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠣᠰᠣᠭᠠᠷ ᠂ ᠤᠰᠤ ᠬᠦᠷᠦᠰᠦ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠦᠷᠦᠰᠦ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ ᠂ ᠤᠰᠤ ᠬᠦᠷᠦᠰᠦ ᠶᠢ ᠰᠠᠯᠭᠠᠬᠤ ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠬᠦᠷᠦᠰᠦ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ ᠃  ︵ᠭᠤᠷᠪᠠ︶ ᠤᠰᠤ ᠬᠦᠷᠦᠰᠦ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠂ ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ ᠃  ︵ᠲᠦᠷᠪᠡ︶ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ ᠂ ᠤᠰᠤ ᠬᠦᠷᠦᠰᠦ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠃  ︵ᠲᠠᠪᠤ︶ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠨ᠎ᠠ ᠃  ᠭᠤᠷᠪᠠ ᠂ ᠲᠤᠰ ᠵᠦᠢᠯ ᠤᠨ ᠭᠠᠵᠠᠷ ᠣᠷᠣᠨ ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠤᠰᠤ ᠬᠦᠷᠦᠰᠦ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠶᠢ ᠬᠠᠮᠠᠭᠠᠯᠠᠬᠤ ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ︔ ᠰᠢᠭᠠᠷᠤ ᠬᠠᠶᠠᠬᠤ ᠬᠡᠮᠵᠢᠶ᠎ᠡ ᠨᠢ ᠨᠡᠮᠡᠭᠳᠡᠭᠰᠡᠨ ᠠᠴᠠ ᠪᠣᠯᠵᠤ ᠰᠢᠭᠠᠷᠤ ᠬᠠᠶᠠᠬᠤ ᠲᠠᠯᠠᠪᠠᠶ ᠶᠢᠨ ᠵᠡᠷᠭᠡ ᠳᠡᠰ ᠨᠢ ᠳᠡᠭᠡᠭᠰᠢᠯᠡᠭᠰᠡᠨ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠤᠯᠲᠠ ᠶᠢ ᠨᠤᠲᠠᠯᠠᠬᠤ ᠶᠢ ᠥᠷᠨᠢᠭᠦᠯᠬᠦ ᠶᠢᠨ ᠬᠠᠮᠲᠤ ᠰᠢᠭᠠᠷᠤ ᠶᠢᠨ ᠡᠮᠦᠨ᠎ᠡ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ ᠃  ᠳᠥᠷᠪᠡ ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠂ ᠲᠤᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ ᠃ ᠡᠵᠡᠨ ᠮᠡᠳᠡᠨ ᠰᠢᠯᠭᠠᠨ ᠠᠪᠬᠤ ᠳᠤ ᠤᠰᠤ ᠬᠦᠷᠦᠰᠦ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ ᠂ ᠤᠰᠤ ᠬᠦᠷᠦᠰᠦ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠃ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ ᠃  ᠲᠠᠪᠤ ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ ᠬᠡᠷᠡᠭᠲᠡᠶ ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ  2024 ᠣᠨ ᠤ 10 ᠳ᠋ᠤᠭᠠᠷ ᠰᠠᠷ᠎ᠠ ᠶᠢᠨ 10 ᠤ ᠡᠳᠦᠷ    ᠳᠠᠭᠠᠯᠳᠤᠭᠤᠯᠤᠯ᠄  ᠦᠪᠦᠷ ᠮᠤᠩᠭᠤᠯ ᠤᠨ ᠵᠡᠭᠦᠨ ᠬᠡᠰᠡᠭ ᠤᠨ ᠣᠯᠠᠭᠠᠨᠬᠠᠳᠠ ᠶᠢᠨ ᠬᠡᠰᠢᠭᠳᠡᠨ ᠬᠤᠰᠢᠭᠤᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠦᠷᠦᠰᠦ ᠶᠢ ᠬᠠᠮᠠᠭᠠᠯᠠᠬᠤ ᠲᠦᠰᠦᠯ ᠤᠨ ᠮᠡᠳᠡᠭᠦᠯᠦᠯᠳᠡ ᠶᠢᠨ ᠪᠢᠴᠢᠭ ︵ᠮᠡᠳᠡᠭᠦᠯᠦᠯᠲᠡ PDF ᠬᠡᠪᠯᠡᠯ︶ .pdf  ︽ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠤᠰᠤ ᠬᠥᠷᠥᠰᠥ ᠶᠢ ᠬᠠᠮᠠᠭᠠᠯᠠᠬᠤ ᠲᠥᠰᠦᠯ ᠤᠨ ᠲᠤᠬᠠᠢ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ  ᠥᠪᠥᠷ ᠮᠤᠩᠭᠤᠯ ᠤᠨ ᠤᠰᠤᠨ ᠠᠰᠢᠭᠯᠠᠯᠲᠠ ᠶᠢᠨ ᠲᠥᠪ ᠮᠡᠷᠭᠡᠵᠢᠯ ᠤᠨ ᠬᠢᠨᠠᠨ ᠪᠠᠶᠢᠴᠠᠭᠠᠯᠲᠠ ﹇ 2024﹈ 368 ᠳ᠋ᠤᠭᠠᠷ ᠲᠣᠭᠠᠲᠤ .pdf

 

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号