ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠴᠢᠳᠠᠪᠤᠷᠢ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ — ᠬᠥᠬᠡᠮᠳᠦᠭ ᠨᠣᠭᠤᠭᠠᠨ ᠠᠭᠤᠯᠠ ᠤᠰᠤ ᠤᠮᠠᠷᠠᠲᠤ ᠬᠢᠯᠢ ᠳᠤ ᠥᠨᠢᠳᠡ ᠤᠷᠤᠰᠤᠨ᠎ᠠ
ᠨᠡᠶᠢᠲᠡᠯᠡᠭᠰᠡᠨ ᠴᠠᠭ᠄
2024/10/12
  ᠦᠬᠡᠷ ᠬᠤᠨᠢ ᠠᠯᠭᠤᠷᠬᠠᠨ ᠪᠡᠯᠴᠢᠵᠦ᠂ ᠬᠤᠸᠠᠷ ᠴᠡᠴᠡᠭ ᠮᠢᠷᠠᠯᠵᠠᠨ ᠳᠡᠯᠭᠡᠷᠡᠨ᠎ᠡ᠃  ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠠᠭᠠᠭᠠᠴᠠ ᠶᠢᠨ ᠣᠷᠣᠨ ᠪᠣᠯᠤᠨ᠎ᠠ᠃  ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠰᠤᠨ ᠤ ᠲᠣᠤᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠭᠰᠡᠨ ᠤᠰᠤᠨ ᠤ ᠡᠬᠢ ᠪᠠᠶᠠᠯᠢᠭ ᠢ ᠳᠣᠭᠢᠷᠠᠭᠤᠯᠬᠤ ᠴᠢᠳᠠᠪᠤᠷᠢ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃  ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ  ᠬᠠᠲᠤᠨ ᠭᠤᠤᠯ᠂ ᠨᠤᠨ ᠮᠥᠷᠡᠨ᠂ ᠯᠢᠶᠣᠤ ᠾᠧ ᠭᠤᠤᠯ ᠪᠣᠯ ᠥᠪᠥᠷ ᠮᠣᠩᠭᠤᠯ ᠤᠨ ᠭᠠᠵᠠᠷ ᠣᠷᠣᠨ ᠤ ᠭᠤᠤᠯ ᠪᠣᠯᠬᠤ ᠭᠠᠳᠠᠭᠰᠢ ᠤᠷᠤᠰᠬᠠᠬᠤ ᠤᠰᠤᠨ ᠰᠢᠰᠲ᠋ᠧᠮ ᠪᠣᠯᠬᠤ ᠪᠥᠭᠡᠳ ᠪᠠᠰᠠ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠪᠣᠯᠤᠨ᠎ᠠ᠃ ᠣᠳᠣᠬᠠᠨ ᠳᠤ᠂ ᠬᠠᠲᠤᠨ ᠭᠤᠤᠯ᠂ ᠨᠤᠨ ᠮᠥᠷᠡᠨ ᠪᠣᠯᠤᠨ ᠯᠢᠶᠣᠤ ᠾᠧ ᠭᠤᠤᠯ ᠤᠨ ᠭᠤᠤᠯ ᠤᠷᠤᠰᠬᠠᠯ ᠤᠨ ᠳᠠᠯᠠᠩ ᠨᠢᠭᠡᠨᠲᠡ ᠰᠡᠷᠭᠡᠶᠢᠯᠡᠯᠲᠡ ᠪᠠᠶᠢᠷᠢᠯᠠᠭᠤᠯᠬᠤ ᠪᠠᠷᠢᠮᠵᠢᠶ᠎ᠠ ᠳᠤ ᠦᠨᠳᠦᠰᠦᠨ ᠳᠡᠭᠡᠨ ᠬᠦᠷᠴᠦ᠂ ᠥᠪᠥᠷ ᠮᠣᠩᠭᠤᠯ ᠳᠤ ᠤᠰᠤᠨ ᠴᠥᠭᠦᠷᠥᠮ᠂ ᠳᠠᠯᠠᠩ᠂ ᠤᠰᠤᠨ ᠬᠠᠭᠠᠯᠲᠠ᠂ ᠦᠶᠡᠷ ᠰᠠᠯᠭᠠᠬᠤ ᠣᠷᠣᠨ ᠵᠡᠷᠭᠡ ᠶᠢ ᠨᠢᠭᠡ ᠴᠣᠭᠴᠠᠵᠢᠭᠤᠯᠤᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠠᠩᠬ᠎ᠠ ᠠᠯᠬᠤᠮ ᠪᠣᠶ ᠪᠣᠯᠭᠠᠪᠠ᠃ ᠣᠳᠣᠬᠠᠨ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠬᠠᠰᠢᠯᠭ᠎ᠠ ᠶᠢᠨ ᠶᠡᠷᠦᠩᠬᠡᠶ ᠣᠷᠳᠣ ᠨᠢ 8356 ᠺᠢᠯᠤᠮᠧᠲᠷ ᠪᠠᠶᠢᠵᠤ᠂ ᠨᠢᠭᠡᠨᠲᠡ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠰᠢᠰᠲ᠋ᠧᠮ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠦᠶᠡᠷ ᠢ ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠪᠠ᠃  ᠥᠪᠥᠷ ᠮᠤᠩᠭᠤᠯ ᠤᠨ ᠭᠠᠵᠠᠷ ᠤᠷᠤᠨ ᠥᠷᠭᠡᠨ ᠬᠥᠮᠦᠨ ᠰᠡᠶᠢᠷᠡᠭ ᠪᠠᠶᠢᠳᠠᠭ᠃ ᠥᠪᠡᠷᠮᠢᠴᠡ ᠭᠠᠵᠠᠷ ᠵᠦᠢ ᠶᠢᠨ ᠪᠠᠶᠢᠷᠢᠯᠠᠯ ᠪᠣᠯᠤᠨ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠨᠢ ᠥᠪᠥᠷ ᠮᠣᠩᠭᠤᠯ ᠤᠨ ᠬᠤᠲᠠ ᠬᠥᠳᠡᠭᠡ᠂ ᠮᠠᠯᠵᠢᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠪᠣᠯᠤᠨ ᠠᠵᠤ ᠦᠢᠯᠡᠳᠪᠦᠷᠢ ᠲᠠᠷᠢᠶᠠᠯᠠᠩ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠪᠠᠲᠤᠯᠠᠬᠤ ᠲᠠᠯ᠎ᠠ ᠪᠠᠷ ᠡᠭᠦᠷᠭᠡ ᠬᠠᠲᠠᠭᠤ ᠪᠡᠷᠬᠡ ᠪᠠᠶᠢᠨ᠎ᠠ᠃  ᠥᠪᠥᠷ ᠮᠣᠩᠭᠤᠯ ᠤᠶᠢᠷ᠎ᠠ ᠶᠢᠨ ᠵᠢᠯ ᠳᠤ ᠤᠰᠤᠨ ᠠᠰᠢᠭᠯᠠᠯᠲᠠ ᠶᠢᠨ ᠪᠠᠷᠢᠯᠭ᠎ᠠ ᠶᠢ ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ ᠪᠠᠷ ᠳᠠᠮᠵᠢᠨ ᠤᠰᠤ ᠬᠠᠩᠭᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠪᠥᠬᠦ ᠥᠪᠡᠷᠲᠡᠭᠡᠨ ᠵᠠᠰᠠᠬᠤ ᠣᠷᠣᠨ ᠳᠤ ᠨᠢᠭᠡᠨᠲᠡ 475 ᠴᠥᠭᠦᠷᠥᠮ᠂ ᠬᠠᠰᠢᠯᠭ᠎ᠠ ᠪᠠ ᠵᠣᠭᠤᠷᠢ ᠤᠨ ᠴᠥᠭᠦᠷᠥᠮ ᠢ ᠪᠠᠶᠢᠭᠤᠯᠵᠤ᠂ ᠬᠤᠲᠠ ᠬᠥᠳᠡᠭᠡ ᠶᠢᠨ ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ 1.78 ᠲᠦᠮᠡᠨ ᠪᠠᠶᠢᠭᠤᠯᠵᠤ᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ 83.65% ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠤᠰᠤ ᠬᠠᠩᠭᠠᠬᠤ ᠶᠡᠷᠦᠩᠬᠡᠶ ᠴᠢᠳᠠᠪᠤᠷᠢ 238.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠤᠲᠠ ᠪᠠᠯᠭᠠᠰᠤ᠂ ᠠᠵᠤ ᠦᠢᠯᠡᠳᠪᠦᠷᠢ ᠲᠠᠷᠢᠶᠠᠯᠠᠩ ᠤᠨ ᠬᠥᠭᠵᠢᠯᠲᠡ ᠶᠢᠨ ᠤᠰᠤ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠪᠠ᠃  ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠡᠮᠵᠢᠶ᠎ᠡ᠂ ᠤᠰᠤᠨ ᠤ ᠲᠦᠪᠰᠢᠨ ᠢ ᠡᠵᠡᠮᠳᠡᠬᠦ ᠬᠦᠢᠴᠡᠳᠭᠡᠯ ᠲᠤᠭ᠎ᠠ ᠶᠢ 371 ᠬᠠᠮᠢᠶᠠᠷᠤᠯᠲᠠ ᠶᠢᠨ ᠨᠢᠭᠡᠴᠢ ᠳᠤ ᠨᠠᠷᠢᠯᠢᠬᠵᠢᠭᠤᠯᠤᠨ ᠵᠠᠳᠠᠯᠵᠤ᠂ ︽ᠬᠤᠶᠠᠷ ᠢ ᠡᠵᠡᠮᠳᠡᠬᠦ︾ ᠬᠠᠮᠢᠶᠠᠷᠤᠯᠲᠠ ᠶᠢ ᠬᠡᠷᠡᠭᠵᠢᠭᠦᠯᠦᠨ᠂ ᠤᠰᠤ ᠬᠡᠲᠦ ᠲᠦᠷᠭᠡᠨ ᠨᠡᠮᠡᠭᠳᠡᠵᠦ ᠪᠠᠶᠢᠭ᠎ᠠ ᠪᠠᠶᠢᠳᠠᠯ ᠢ ᠪᠦᠲᠦᠮᠵᠢᠲᠡᠶ ᠡᠵᠡᠮᠳᠡᠪᠡ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠰᠤ ᠠᠷᠪᠢᠯᠠᠬᠤ ᠳᠠᠯᠳᠠ ᠬᠦᠴᠦᠨ ᠢ ᠠᠭᠤᠳᠠᠯᠠᠨ᠂ ᠥᠪᠡᠷᠲᠡᠭᠡᠨ ᠵᠠᠰᠠᠬᠤ ᠣᠷᠣᠨ ᠤ ᠲᠦᠮᠡᠨ ᠲᠥᠭᠦᠷᠢᠭ ᠤᠨ GDP ︵ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ︶ ᠶᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠲᠣᠰ ᠲᠣᠰ 2020 ᠣᠨ ᠤ ᠬᠢ ᠠᠴᠠ 9.58% ᠪᠠ 12.76% ᠪᠠᠷ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ 124 ᠪᠠᠶᠢᠭᠤᠯᠵᠤ᠂ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠶᠢ 0.583 ᠳᠤ ᠬᠦᠷᠦᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃  ᠤᠰᠤᠨ ᠤ ᠠᠮᠢ ᠠᠬᠤᠢ ᠶᠢᠨ ᠬᠠᠮᠠᠭᠠᠯᠠᠯᠳᠠ ᠪᠠ ᠰᠡᠷᠬᠦᠭᠡᠯᠳᠡ ᠳᠤ ᠰᠢᠨ᠎ᠡ ᠰᠢᠪᠳᠤᠯᠤᠯᠳᠠ ᠲᠠᠢ ᠪᠤᠯᠪᠠ  ︽ᠤᠮᠠᠷᠠᠲᠦ ᠶᠢᠨ ᠭᠤᠷᠪᠠᠨ ᠤᠷᠤᠨ︾  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠤᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠤᠰᠤ ᠰᠢᠷᠣᠶ ᠶᠢᠨ ᠢᠳᠡᠭᠳᠡᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠥᠪᠥᠷ ᠮᠣᠩᠭᠤᠯ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠡᠵᠡᠯᠡᠬᠦ ᠨᠥᠬᠦᠪᠥᠷᠢ ᠶᠢ ᠲᠡᠩᠴᠡᠭᠦᠷᠢᠲᠡᠶ ᠪᠠᠶᠢᠯᠭᠠᠬᠤ ᠵᠡᠷᠭᠡ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠵᠢᠯ ᠪᠦᠷᠢ 1128 ᠲᠦᠮᠡᠨ ᠮᠥ ᠬᠤᠷᠳᠤᠴᠠ ᠪᠠᠷ ᠤᠰᠤ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ 2023 ᠣᠨ ᠤ ᠤᠰᠤ ᠰᠢᠷᠣᠶ ᠶᠢᠨ ᠢᠳᠡᠭᠳᠡᠯ ᠤᠨ ᠪᠠᠶᠢᠳᠠᠯ ᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ 2011 ᠣᠨ ᠤ ᠬᠢ ᠲᠠᠢ ᠬᠠᠷᠢᠴᠠᠭᠤᠯᠪᠠᠯ᠂ ᠪᠥᠬᠦ ᠥᠪᠡᠷᠲᠡᠭᠡᠨ ᠵᠠᠰᠠᠬᠤ ᠣᠷᠣᠨ ᠤ ᠤᠰᠤ ᠰᠢᠷᠣᠶ ᠶᠢᠨ ᠢᠳᠡᠭᠳᠡᠯ ᠤᠨ ᠲᠠᠯᠠᠪᠠᠶ 5.93 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠠᠭᠠᠰᠴᠤ᠂ ᠬᠠᠰᠤᠭᠳᠠᠭᠰᠠᠨ ᠬᠡᠮᠵᠢᠶ᠎ᠡ 9.43% ᠳᠤ ᠬᠥᠷᠪᠡ︔ ᠴᠢᠩᠭ᠎ᠠ ᠠᠴᠠ ᠳᠡᠭᠡᠭᠰᠢᠬᠢ ᠢᠳᠡᠭᠳᠡᠭᠰᠡᠨ ᠲᠠᠯᠠᠪᠠᠶ 13.18 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠠᠭᠠᠰᠴᠤ᠂ ᠬᠠᠰᠤᠭᠳᠠᠭᠰᠠᠨ ᠬᠡᠮᠵᠢᠶ᠎ᠡ 50.47% ᠳᠤ ᠬᠥᠷᠪᠡ᠃  ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠰᠤᠨ ᠤ ᠬᠡᠮᠵᠢᠶ᠎ᠡ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠪᠠ ᠬᠠᠮᠢᠶᠠᠷᠤᠯᠲᠠ ᠳᠤ ᠣᠷᠣᠭᠤᠯᠵᠤ᠂ ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠶᠢ ᠬᠡᠷᠡᠭᠵᠢᠭᠦᠯᠵᠦ᠂ ᠭᠤᠤᠯ ᠤᠨ ᠵᠠᠮ ᠳᠠᠬᠢ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ︽ᠤᠰᠤᠨ ᠤ ᠬᠡᠮᠵᠢᠶ᠎ᠡ ᠪᠠᠷ ᠶᠠᠪᠤᠬᠤ︾ ᠶᠢ ᠦᠷᠭᠦᠯᠵᠢᠯᠡᠨ ᠠᠬᠢᠭᠤᠯᠵᠤ᠂ 2020 ᠣᠨ ᠠᠴᠠ ᠨᠠᠭᠠᠰᠢ᠂ ᠪᠠᠷᠠᠭᠤᠨ ᠯᠢᠶᠣᠤ ᠾᠧ ᠭᠤᠤᠯ ᠤᠨ ᠭᠤᠤᠯ ᠤᠷᠤᠰᠬᠠᠯ ᠤᠨ ᠠᠮᠢ ᠠᠬᠤᠶ ᠶᠢᠨ ᠤᠰᠤᠨ ᠤ ᠬᠡᠮᠵᠢᠶ᠎ᠡ ᠨᠡᠶᠢᠲᠡ 11.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠪᠠ᠃ 2024 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠤᠰᠤᠨ ᠲᠦᠷᠦᠭᠦᠦ ᠣᠶᠢᠷ᠎ᠠ ᠶᠢᠨ 26 ᠵᠢᠯ ᠤᠨ ᠲᠤᠷᠰᠢ ᠠᠩᠬ᠎ᠠ ᠤᠳᠠᠭ᠎ᠠ ᠲᠦᠩᠯᠢᠶᠣᠤ ᠬᠤᠳᠠ ᠶᠢᠨ ᠭᠤᠣᠯ ᠬᠤᠳᠠ ᠶᠢᠨ ᠲᠣᠭᠤᠷᠢᠭ ᠲᠤ ᠬᠦᠷᠴᠦ᠂ ᠰᠠᠪᠠ ᠭᠠᠵᠠᠷ ᠤᠨ ᠭᠠᠵᠠᠷ ᠳᠣᠣᠷᠠᠬᠢ ᠤᠰᠤᠨ ᠤ ᠲᠦᠪᠰᠢᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠡᠰᠡᠭ ᠭᠠᠵᠠᠷ ᠲᠤ ᠳᠡᠭᠡᠭᠰᠢᠯᠡᠵᠡᠢ᠃  ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ᠂ ᠭᠠᠵᠠᠷ ᠳᠣᠤᠷᠠᠬᠢ ᠤᠰᠤᠨ ᠤ ᠬᠡᠮᠵᠢᠶ᠎ᠡ᠂ ᠤᠰᠤᠨ ᠤ ᠲᠦᠪᠰᠢᠨ ᠤ ︽ᠬᠤᠶᠠᠷ ᠢ ᠡᠵᠡᠮᠳᠡᠬᠦ︾ ᠶᠢ ᠦᠨᠡᠯᠡᠨ ᠵᠢᠱᠢᠬᠦ ᠵᠡᠷᠭᠡ ᠠᠷᠭ᠎ᠠ ᠪᠠᠷᠢᠯ ᠢ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠠᠴᠠ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠬᠤᠳᠳᠤᠭ ᠢ 2600 ᠭᠠᠷᠤᠶ ᠪᠠᠶᠢᠷᠢᠯᠠᠭᠤᠯᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠵᠡᠷᠭᠡ ᠠᠷᠭ᠎ᠠ ᠮᠠᠶ᠋ᠢᠭ ᠢᠶᠠᠷ ᠬᠤᠳᠳᠤᠭ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤ ᠶᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠦᠨᠳᠦᠰᠦᠨ ᠳᠤ ᠪᠠᠨ ᠪᠦᠷᠢᠯᠳᠦᠭᠦᠯᠪᠡ᠃  ᠤᠰᠤᠨ ᠲᠤᠤᠷ ᠤᠨ ᠪᠤᠷᠤ ᠲᠦᠯᠦᠪ ᠤᠨ ᠰᠢᠰᠲ᠋ᠧᠮ ᠢ ᠠᠭᠠᠵᠢᠮ ᠢᠶᠠᠷ ᠴᠤᠭᠴᠠᠯᠠᠪᠠ  ᠥᠪᠥᠷ ᠮᠣᠩᠭᠤᠯ ︽ᠨᠢᠭᠡ ᠭᠤᠣᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠦᠨᠳᠡᠯᠡᠨ᠂ ᠪᠠᠷᠠᠭᠤᠨᠰᠢ ᠪᠠᠨ ᠵᠡᠭᠦᠨᠰᠢ ᠲᠠᠲᠠᠬᠤ᠂ ᠭᠠᠳᠠᠭᠰᠢ ᠬᠤᠯᠪᠣᠭᠠᠯᠠᠨ ᠳᠣᠲᠣᠭᠠᠳᠤ ᠳᠤ ᠨᠡᠪᠲᠡᠷᠡᠬᠦ︾ ᠤᠰᠤᠨ ᠲᠣᠣᠷ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠪᠠᠶᠢᠭᠤᠯᠵᠤ᠂ ᠬᠠᠳᠤᠨ ᠭᠤᠣᠯ᠂ ᠯᠢᠶᠣᠤ ᠾᠧ ᠭᠤᠣᠯ ᠵᠡᠷᠭᠡ ᠴᠢᠬᠤᠯᠠ ᠰᠠᠪᠠ ᠭᠠᠵᠠᠷ ᠤᠨ ᠤᠰᠤᠨ ᠲᠣᠣᠷ ᠤᠨ ᠪᠠᠶᠢᠷᠢᠰᠢᠭᠤᠯᠤᠯᠲᠠ ᠪᠠ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ ᠱᠤᠭᠤᠮ ᠵᠡᠷᠭᠡ ᠴᠢᠬᠤᠯᠠ ᠶᠡᠭᠡ ᠢᠨᠵᠧᠨᠧᠷᠢᠩ ᠢ ᠮᠥᠷᠳᠡᠨ ᠪᠠᠶᠢᠷᠢᠰᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠳᠠᠷᠤᠮᠠᠯᠯᠠᠨ ᠲᠠᠷᠬᠠᠭᠠᠵᠤ᠂ ᠠᠶᠢᠮᠠᠭ ᠬᠤᠳᠠ ᠶᠢᠨ ᠤᠰᠤᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠤᠰᠢᠭᠤᠴᠢ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃  ᠣᠳᠣᠬᠠᠨ ᠳᠤ᠂ ᠨᠤᠨ ᠮᠦᠷᠡᠨ ᠤ ᠢᠨᠵᠧᠨᠧᠷᠢᠩ ᠤᠨ ᠲᠥᠯᠥᠪᠵᠢᠭᠦᠯᠭᠡ ᠶᠢ ᠪᠡᠶᠡᠯᠡᠭᠦᠯᠦᠭᠰᠡᠨ ᠨᠤᠲᠠᠯᠠᠯᠲᠠ ᠶᠢ ᠪᠡᠶᠡᠯᠡᠭᠦᠯᠵᠦ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠭᠤᠤᠯ ᠤᠨ ᠵᠠᠮ ᠢ ᠵᠠᠰᠠᠬᠤ ᠢᠨᠵᠧᠨᠧᠷᠢᠩ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠤᠭᠰᠠᠨ ᠰᠠᠨᠠᠯ ᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠪᠡ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠠᠭᠤᠢ ᠶᠢᠨ ᠬᠡᠰᠡᠭ ᠢ ᠪᠦᠬᠦ ᠲᠠᠯ᠎ᠠ ᠪᠠᠷ ᠨᠡᠪᠲᠡᠷᠡᠭᠦᠯᠵᠦ᠂ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠶᠢᠨ ᠳᠣᠣᠷ᠎ᠠ ᠠᠴᠠ ᠤᠰᠤ ᠬᠠᠳᠠᠭᠠᠯᠠᠬᠤ᠂ ᠳ᠋ᠦᠩ ᠲᠠᠶᠢᠰᠠ ᠤᠰᠤᠨ ᠴᠥᠭᠦᠷᠥᠮ ᠳᠤ ᠤᠰᠤ ᠲᠠᠲᠠᠵᠤ ᠤᠰᠤ ᠬᠠᠳᠠᠭᠠᠯᠠᠬᠤ ᠶᠢ ᠨᠡᠪᠲᠡᠷᠡᠭᠦᠯᠦᠨ᠎ᠡ ᠁ ᠨᠢᠭᠡ ᠪᠦᠯᠦᠭ ᠴᠢᠬᠤᠯᠠ ᠶᠡᠭᠡ ᠪᠠᠶᠢᠭᠤᠯᠵᠤ ᠪᠠᠶᠢᠭ᠎ᠠ ᠤᠰᠤᠨ ᠲᠣᠣᠷ ᠤᠨ ᠭᠤᠣᠯ ᠪᠣᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠭᠡᠪᠡ᠃  2023 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠲᠤᠬᠠᠢ ᠲᠣᠳᠣᠷᠬᠠᠢ ᠳᠤᠷᠠᠳᠴᠠᠢ᠃ ᠲᠤᠰ ᠵᠢᠯ ᠤᠨ ᠡᠴᠦᠰ ᠲᠤ ᠤᠰᠤᠨ ᠠᠰᠢᠭᠯᠠᠯᠲᠠ ᠶᠢᠨ ᠶᠠᠮᠤᠨ ᠪᠠᠰᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠤᠰᠤᠨ ᠠᠰᠢᠭᠯᠠᠯᠲᠠ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠤᠰᠤᠨ ᠠᠰᠢᠭᠯᠠᠯᠲᠠ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠠ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃  ᠥᠪᠥᠷ ᠮᠣᠩᠭᠤᠯ ᠪᠠᠰᠠ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠰᠤᠨ ᠤ ᠬᠠᠤᠯᠢ ᠲᠣᠭᠲᠠᠭᠠᠯ ᠤᠨ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠢᠮᠠᠭ ᠬᠤᠲᠠ ᠬᠤᠰᠢᠭᠤ ᠰᠢᠶᠠᠨ ᠤ ᠲᠥᠪ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠢᠵᠢ ᠪᠥᠷᠢᠳᠦᠭᠦᠯᠬᠦ ᠪᠠᠯᠠ ᠮᠥᠩᠭᠦ ᠶᠢ ᠬᠦᠴᠦᠨ ᠥᠬᠡᠶ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ ᠣᠷᠣᠯᠭ᠎ᠠ ᠵᠠᠷᠤᠯᠭ᠎ᠠ ᠶᠢ ᠬᠤᠶᠠᠷ ᠱᠤᠭᠤᠮ ᠢ ᠬᠡᠷᠡᠭᠵᠢᠭᠦᠯᠵᠦ᠂ ︽ᠤᠰᠤ ᠪᠠᠷ ᠬᠥᠮᠦᠨ ᠢ ᠲᠡᠵᠢᠭᠡᠬᠦ︾ ᠬᠦᠴᠢᠷ ᠠᠰᠠᠭᠤᠳᠠᠯ ᠢ ᠰᠢᠢᠳᠪᠦᠷᠢᠯᠡᠪᠡ ᠁ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠥᠪᠥᠷ ᠮᠣᠩᠭᠤᠯ ᠤᠨ ᠤᠰᠤᠨ ᠤ ᠲᠤᠤᠷ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠶᠢ ᠬᠠᠩᠭᠠᠪᠠ᠃  ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ ᠲᠤᠰ ᠰᠣᠨᠢᠨ ᠤ ᠮᠡᠳᠡᠭᠡᠯᠡᠭᠴᠢ ᠾᠧᠦ ᠶᠠᠨ ᠵᠢᠶᠣᠣ︶ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号