ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ᠶᠢᠨ ᠬᠤᠯᠪᠣᠭᠳᠠᠯ ᠪᠥᠬᠦᠶ ᠲᠣᠭᠲᠠᠭᠠᠯ ᠢ ᠪᠥᠬᠦ ᠲᠠᠯ᠎ᠠ ᠪᠠᠷ ᠲᠤᠭᠤᠰᠢᠯᠠᠭᠤᠯᠵᠤ ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠨ ᠂ ᠤᠰᠤᠨ ᠤ ᠡᠬᠢ ᠪᠠᠶᠠᠯᠢᠭ ᠢ | ᠠᠷᠪᠢᠲᠠᠶ ᠡᠷᠴᠢᠮᠯᠢᠭ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ ᠶᠢᠨ ᠲᠤᠰᠠᠳᠠ ᠂ ᠡᠳ᠋ ᠤᠨ ᠵᠠᠰᠠᠭ ᠤᠨ | ᠶᠠᠮᠤᠨ ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠂ ᠤᠰᠤᠨ ᠠᠰᠢᠭᠯᠠᠯᠲᠠ ᠶᠢᠨ ᠶᠠᠮᠤᠨ ᠠᠴᠠ ︽ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠠᠷᠭ᠎ᠠ︾ ︵ | ᠳᠥᠭᠦᠮᠴᠢᠯᠡᠭᠡᠳ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ ᠂ 2024 ᠣᠨ ᠤ 12 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ | ᠥᠭᠡᠷᠡᠴᠢᠯᠡᠬᠦ ᠲᠤᠷᠰᠢᠯᠲᠠ ᠶᠢ ᠪᠥᠬᠦ ᠲᠠᠯ᠎ᠠ ᠪᠠᠷ ᠬᠡᠷᠡᠭᠵᠢᠭᠦᠯᠪᠡ ᠃ ᠣᠶᠢᠷ᠎ᠠ ᠳᠤ ᠂ ᠡᠳ᠋ ᠤᠨ ᠵᠠᠰᠠᠭ ᠤᠨ ᠶᠠᠮᠤᠨ ᠤ | ᠭᠠᠶᠢᠯᠢ ᠶᠢᠨ ᠶᠠᠪᠤᠳᠠᠯ ᠤᠨ ᠵᠤᠷᠭᠠᠨ ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠡᠳ᠋ ᠬᠥᠷᠥᠩᠭᠡ ᠪᠠ | ᠦᠢᠯᠡ ᠠᠵᠢᠯᠯᠠᠭ᠎ᠠ ᠶᠢᠨ ᠭᠠᠶᠢᠯᠢ ᠶᠢᠨ ᠵᠤᠷᠭᠠᠨ ᠂ ᠤᠰᠤᠨ ᠠᠰᠢᠭᠯᠠᠯᠲᠠ ᠶᠢᠨ ᠶᠠᠮᠤᠨ ᠤ ᠡᠳ᠋ ᠤᠨ ᠶᠠᠪᠤᠳᠠᠯ ᠤᠨ | ᠵᠤᠷᠭᠠᠨ ᠪᠠ ᠤᠰᠤᠨ ᠤ ᠡᠬᠢ ᠪᠠᠶᠠᠯᠢᠭ ᠤᠨ ᠵᠤᠷᠭᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ | ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ | ᠠᠰᠠᠭᠤᠬᠤ ᠨᠢ | ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠶᠢᠨ ᠠᠴᠢ ᠬᠤᠯᠪᠣᠭᠳᠠᠯ ᠨᠢ ᠶᠠᠭᠤ ᠪᠤᠢ︖ | ᠬᠠᠷᠢᠭᠤᠯᠬᠤ ᠨᠢ | ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠨᠢ ᠭᠤᠷᠪᠠᠨ ᠲᠠᠯ᠎ᠠ ᠶᠢᠨ ᠴᠢᠬᠤᠯᠠ ᠠᠴᠢ ᠬᠤᠯᠪᠣᠭᠳᠠᠯ ᠲᠠᠢ ᠶᠤᠮ᠄ | ᠨᠢᠭᠡ ᠳᠤ ᠂ ᠤᠰᠤᠨ ᠤ ᠡᠬᠢ ᠪᠠᠶᠠᠯᠢᠭ ᠤᠨ ᠰᠦᠢᠳᠭᠡᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ | ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ | ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠷᠴᠡ ᠠᠴᠠ ᠡᠭᠦᠰᠴᠦ ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠲᠠᠬᠢ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠪᠣᠯᠤᠨ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ | ᠭᠦᠨᠵᠡᠭᠡᠢ ᠡᠵᠡᠮᠳᠡᠵᠦ ᠂ ᠠᠮᠢ ᠠᠬᠤᠢ ᠶᠢᠨ ᠪᠣᠯᠪᠠᠰᠤᠨ ᠤ ᠤᠨᠤᠯ ᠤᠨ ᠰᠢᠨ᠎ᠡ ᠡᠭᠦᠳᠦᠯᠲᠡ ᠂ ᠦᠢᠯᠡᠳᠦᠯᠭᠡ ᠶᠢᠨ | ᠰᠢᠨ᠎ᠡ ᠡᠭᠦᠳᠦᠯᠲᠡ ᠂ ᠲᠦᠷᠢᠮ ᠤᠨ ᠰᠢᠨ᠎ᠡ ᠡᠭᠦᠳᠦᠯᠲᠡ ᠶᠢ ᠶᠡᠬᠡᠪᠡᠷ ᠠᠬᠢᠭᠤᠯᠵᠤ ᠂ ᠠᠯᠢ ᠤᠯᠠᠨ ᠰᠢᠨ᠎ᠡ | ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠪᠦᠲᠦᠭᠡᠯᠴᠢ ᠪᠠᠷ ᠳᠤᠷᠠᠳᠴᠤ ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠷᠢᠯᠳᠦᠭᠦᠯᠪᠡ ᠃ ᠨᠠᠮ ᠤᠨ ᠬᠤᠷᠢᠳᠤᠭᠠᠷ | ᠶᠡᠭᠡ ᠬᠤᠷᠠᠯᠡ ᠠᠴᠠ ︽ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠂ ᠡᠯ᠎ᠡ | ᠲᠦᠷᠦᠯ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ︾ ᠭᠡᠵᠦ ᠳᠤᠷᠠᠳᠴᠠᠢ ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠂ ︽ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤᠨ ᠤ ᠡᠬᠢ | ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ ᠃ ᠤᠰᠤᠨ ᠤ | ᠡᠬᠢ ᠪᠠᠶᠠᠯᠢᠭ ᠪᠣᠯ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠣᠯᠬᠤᠷ ᠂ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ | ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠤᠰᠤ ᠠᠷᠪᠢᠯᠠᠬᠤ ᠶᠢ ᠲᠡᠷᠢᠭᠦᠨ ᠳᠤ | ᠲᠠᠯᠪᠢᠵᠤ ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠬᠤ ᠬᠡᠷᠡᠭᠲᠡᠶ ᠃ ᠨᠠᠮ ᠤᠨ ᠲᠥᠪ ᠬᠤᠷᠢᠶ᠎ᠠ ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠂ 2016 ᠣᠨ ᠤ 7 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠷᠢᠳ ᠬᠤᠵᠢᠳ ᠾᠧᠪᠧᠶ ᠂ ᠪᠡᠭᠡᠵᠢᠩ ᠂ ᠲᠢᠶᠠᠨᠵᠢᠨ ᠵᠡᠷᠭᠡ 10 | ᠮᠤᠵᠢ ︵ᠣᠷᠣᠨ ᠂ ᠬᠤᠲᠠ︶ ᠳᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ | ᠲᠤᠷᠰᠢᠯᠲᠠ ᠶᠢ ᠥᠷᠨᠢᠭᠦᠯᠪᠡ ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠬᠤᠷᠢᠭᠯᠠᠬᠤ ᠂ ᠤᠰᠤ | ᠬᠡᠷᠡᠭᠯᠡᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠂ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠬᠤ ᠂ ᠤᠰᠤ ᠶᠢ | ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ ᠃ ᠪᠥᠬᠦ | ᠤᠯᠤᠰ ᠲᠤ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ | ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ | ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠮᠥᠨ ᠂ ᠪᠠᠰᠠ ᠴᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠳᠤ ᠠᠰᠢᠭᠲᠠᠶ ᠶᠤᠮ ᠃ | | ᠬᠤᠶᠠᠷ ᠲᠤ ᠂ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠵᠦ ᠂ ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠰᠡᠳᠬᠢᠴᠡ ᠶᠢ ᠦᠢᠯᠡᠳᠦᠯᠭᠡᠵᠢᠭᠦᠯᠬᠦ | ᠪᠠ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠤᠰᠤᠨ ᠤ | ᠠᠮᠤᠷ ᠲᠦᠪᠰᠢᠨ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠲᠠᠢ ᠬᠤᠯᠪᠣᠭᠳᠠᠨ᠎ᠠ ᠃ ᠮᠠᠨ ᠤ ᠤᠯᠤᠰ ᠤᠨ | ᠬᠥᠮᠦᠨ ᠤᠰᠤ ᠪᠠᠭ᠎ᠠ ᠂ ᠤᠰᠤᠨ ᠤ ᠡᠬᠢ ᠪᠠᠶᠠᠯᠢᠭ ᠤᠨ ᠬᠤᠭᠤᠴᠠᠭ᠎ᠠ ᠣᠷᠣᠨ ᠵᠠᠢ ᠶᠢᠨ ᠲᠠᠷᠬᠠᠯᠲᠠ ᠵᠢᠭᠳᠡ ᠪᠤᠰᠤ | ᠪᠠᠶᠢᠳᠠᠭ ᠃ ᠠᠵᠤ ᠠᠬᠤᠶ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ ᠂ ᠮᠠᠨ ᠤ ᠤᠯᠤᠰ ᠤᠨ | ᠤᠰᠤᠨ ᠤ ᠡᠬᠢ ᠪᠠᠶᠠᠯᠢᠭ ᠤᠨ ᠬᠡᠷᠡᠭᠴᠡᠭᠡ ᠦᠷᠭᠦᠯᠵᠢᠯᠡᠨ ᠨᠡᠮᠡᠭᠳᠡᠵᠦ ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ | ᠬᠡᠷᠡᠭᠴᠡᠭᠡ ᠶᠢᠨ ᠵᠥᠷᠢᠴᠡᠯ ᠡᠳᠦᠷ ᠢᠷᠡᠬᠦᠶ᠎ᠡ ᠲᠤᠪᠤᠶᠢᠮ᠎ᠠ ᠪᠣᠯᠤᠭᠰᠠᠨ ᠪᠥᠭᠡᠳ ᠮᠠᠨ ᠤ ᠤᠯᠤᠰ ᠤᠨ ᠤᠰᠤᠨ ᠤ ᠡᠬᠢ | ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠡᠷᠦᠩᠬᠡᠶ ᠳᠡᠭᠡᠨ ᠥᠨᠳᠥᠷ ᠪᠤᠰᠤ ᠪᠠᠶᠢᠵᠤ ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠴᠥᠮ | ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ ᠃ ᠡᠬᠢ ᠪᠠᠶᠠᠯᠢᠭ ᠤᠨ | ᠭᠠᠶᠢᠯᠢ ᠪᠤᠯ ᠡᠬᠢ ᠪᠠᠶᠠᠯᠢᠭ ᠢ ᠵᠦᠢ ᠵᠤᠬᠢᠰᠲᠠᠶ ᠲᠤᠬᠢᠷᠠᠭᠤᠯᠬᠤ ᠶᠢ ᠬᠥᠲᠥᠯᠥᠨ ᠵᠢᠯᠤᠭᠤᠳᠬᠤ ᠴᠢᠬᠤᠯᠠ ᠠᠷᠭ᠎ᠠ | ᠪᠠᠷᠢᠯ ᠮᠥᠨ ᠃ ᠶᠡᠷᠦᠩᠬᠡᠶ ᠱᠦᠵᠢ ᠰᠢ ᠶᠢᠨ ᠫᠢᠩ ᠡᠬᠢ ᠪᠠᠶᠠᠯᠢᠭ ᠤᠨ ᠭᠠᠶᠢᠯᠢ ᠶᠢᠨ ᠬᠥᠰᠢᠭᠦᠷᠭᠡ ᠶᠢᠨ | ᠲᠣᠬᠢᠷᠠᠭᠤᠯᠬᠤ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠭᠠᠶᠢᠯᠢ ᠲᠠᠲᠠᠪᠤᠷᠢ ᠪᠣᠯ ᠤᠰᠤᠨ ᠤ | ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠮᠥᠨ ᠭᠡᠵᠦ ᠴᠢᠬᠤᠯᠠᠴᠢᠯᠠᠪᠠ ᠃ ᠤᠰᠤᠨ ᠤ ᠡᠬᠢ | ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠢ ᠪᠦᠬᠦ ᠲᠠᠯ᠎ᠠ ᠪᠠᠷ | ᠬᠡᠷᠡᠭᠵᠢᠭᠦᠯᠵᠦ ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠨᠢ ᠠᠵᠤ | ᠠᠬᠤᠶᠢᠯᠠᠯ ᠵᠡᠷᠭᠡ ᠨᠡᠶᠢᠭᠡᠮ ᠤᠨ ᠭᠤᠤᠯ ᠴᠣᠭᠴᠠ ᠶᠢᠨ ᠤᠰᠤ ᠠᠷᠪᠢᠯᠠᠬᠤ ᠦᠵᠡᠯ ᠤᠬᠠᠮᠰᠠᠷ ᠪᠣᠯᠤᠨ ᠬᠥᠳᠡᠯᠭᠡᠬᠦ | ᠬᠦᠴᠦᠨ ᠢ ᠨᠡᠮᠡᠭᠳᠡᠭᠦᠯᠵᠦ ᠂ ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠪᠠ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠳᠠᠮᠵᠢᠭᠤᠯᠤᠨ ᠤᠰᠤ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ | ᠵᠣᠷᠢᠭᠵᠢᠭᠤᠯᠵᠤ ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠡᠷᠭᠢᠯᠳᠦᠭᠦᠯᠦᠨ ᠠᠰᠢᠭᠯᠠᠬᠤ ᠪᠠ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠠᠬᠢᠭᠤᠯᠵᠤ ᠂ ᠪᠣᠬᠢᠷᠲᠤᠯ ᠦᠭᠡᠶ ᠬᠥᠭᠵᠢᠭᠦᠯᠬᠦ ᠠᠷᠭ᠎ᠠ ᠮᠠᠶ᠋ᠢᠭ | ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠃ ᠡᠭᠦᠨ ᠤ ᠬᠠᠮᠲᠤ ᠂ ᠤᠰᠤᠨ ᠤ | ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠨᠢ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠂ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠵᠡᠷᠭᠡ ᠪᠤᠰᠤᠳ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠬᠠᠷᠢᠯᠴᠠᠨ ᠬᠠᠮᠵᠢᠯᠴᠠᠵᠤ ᠂ ᠬᠠᠮᠵᠢᠯᠴᠠᠨ ᠠᠬᠢᠭᠤᠯᠬᠤ ᠨᠢ ᠤᠰᠤᠨ ᠤ | ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠢ | ᠠᠷᠪᠢᠲᠠᠶ ᠡᠷᠴᠢᠮᠯᠢᠭ ᠠᠮᠤᠷ ᠲᠦᠪᠰᠢᠨ ᠢᠶᠠᠷ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ | ᠠᠰᠢᠭᠲᠠᠶ ᠶᠤᠮ ᠃ | ᠭᠤᠷᠪᠠ ᠳᠤ ᠂ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠮᠠᠨ ᠤ ᠤᠯᠤᠰ ᠤᠨ ᠪᠣᠬᠢᠷᠲᠤᠯ ᠦᠭᠡᠶ ᠭᠠᠶᠢᠯᠢ ᠲᠠᠲᠠᠪᠤᠷᠢ ᠶᠢᠨ ᠲᠤᠭᠲᠠᠮᠵᠢ ᠶᠢ | ᠲᠡᠭᠦᠯᠳᠡᠷᠵᠢᠭᠦᠯᠬᠦ ᠶᠢᠨ ᠴᠢᠬᠤᠯᠠ ᠦᠷ᠎ᠡ ᠪᠦᠲᠦᠭᠡᠯ ᠪᠣᠯᠤᠨ᠎ᠠ ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠨᠢ ᠂ ︽ᠡᠬᠢ ᠪᠠᠶᠠᠯᠢᠭ ᠢ ᠬᠡᠷᠡᠭᠯᠡᠪᠡᠯ | ᠰᠦᠢᠳᠬᠡᠯ ᠲᠤᠰᠢᠶᠠᠬᠤ ᠪᠠ ᠬᠡᠨ ᠣᠷᠴᠢᠨ ᠲᠣᠭᠤᠷᠢᠨ ᠢ ᠪᠣᠬᠢᠷᠲᠤᠭᠤᠯᠪᠠᠯ ᠬᠡᠨ ᠠᠮᠢ ᠠᠬᠤᠶ ᠶᠢ ᠡᠪᠳᠡᠪᠡᠯ ᠬᠡᠨ | ᠰᠦᠢᠳᠬᠡᠯ ᠲᠤᠰᠢᠶᠠᠬᠤ ᠵᠠᠷᠴᠢᠮ ᠢ ᠪᠠᠷᠢᠮᠲᠠᠯᠠᠵᠤ ᠂ ᠡᠬᠢ ᠪᠠᠶᠠᠯᠢᠭ ᠤᠨ ᠭᠠᠶᠢᠯᠢ ᠶᠢ ᠡᠯ᠎ᠡ ᠵᠦᠢᠯ ᠤᠨ ᠪᠠᠶᠢᠭᠠᠯᠢ ᠶᠢᠨ | ᠠᠮᠢ ᠠᠬᠤᠶ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠪᠣᠯᠲᠠᠯ᠎ᠠ ᠠᠯᠬᠤᠮ ᠠᠯᠬᠤᠮ ᠢᠶᠠᠷ ᠥᠷᠭᠡᠳᠬᠡᠨ᠎ᠡ︾ ᠭᠡᠵᠡᠢ ᠃ | 2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠡᠬᠢ ᠪᠠᠶᠠᠯᠢᠭ ᠤᠨ | ᠭᠠᠶᠢᠯᠢ ᠶᠢᠨ ᠬᠠᠤᠯᠢ ᠶᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠰᠤᠨ ᠤ ᠡᠬᠢ ᠪᠠᠶᠠᠯᠢᠭ ᠤᠨ ᠭᠠᠶᠢᠯᠢ | ᠲᠠᠲᠠᠪᠤᠷᠢᠯᠠᠬᠤ ᠪᠠᠷ ᠲᠤᠷᠰᠢᠵᠤ ᠪᠣᠯᠤᠨ᠎ᠠ ᠃ 2023 ᠣᠨ ᠤ 12 ᠳ᠋ᠤᠭᠠᠷ ᠰᠠᠷ᠎ᠠ ᠳᠤ ᠬᠤᠷᠠᠯᠳᠤᠭᠰᠠᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠠᠴᠠ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ | ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ ᠂ | ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠲᠥᠯᠥᠪᠵᠢᠭᠦᠯᠬᠦ ᠬᠡᠷᠡᠭᠲᠡᠢ ᠭᠡᠵᠦ ᠳᠤᠷᠠᠳᠪᠠ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠠᠴᠠ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ ᠂ ︽ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ ᠪᠣᠯᠭᠠᠨ | ᠥᠭᠡᠷᠡᠴᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ︽ᠪᠣᠬᠢᠷᠲᠤᠯ ᠦᠭᠡᠢ ᠭᠠᠶᠢᠯᠢ ᠶᠢᠨ ᠲᠦᠷᠢᠮ ᠢ | ᠲᠡᠭᠦᠯᠳᠡᠷᠵᠢᠭᠦᠯᠤᠨ᠎ᠡ︾ ᠭᠡᠵᠦ ᠲᠣᠳᠣᠷᠬᠠᠢ ᠳᠤᠷᠠᠳᠴᠠᠢ ᠃ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ | ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠂ ᠡᠬᠢ ᠪᠠᠶᠠᠯᠢᠭ ᠤᠨ | ᠭᠠᠶᠢᠯᠢ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠᠷ ᠭᠤᠤᠯ ᠴᠣᠭᠴᠠ ᠪᠣᠯᠭᠠᠭᠰᠠᠨ ︽ᠣᠯᠠᠨ | ᠭᠠᠶᠢᠯᠢ ᠶᠢ ᠬᠠᠮᠲᠤ ᠪᠠᠷ ᠵᠠᠰᠠᠬᠤ︾ ᠶᠢ ᠲᠡᠭᠦᠯᠳᠡᠷᠵᠢᠭᠦᠯᠵᠦ ᠂ ᠰᠢᠰᠲ᠋ᠧᠮ ᠤᠨ ᠴᠢᠨᠠᠷᠲᠠᠶ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠣᠯᠠᠨ ᠠᠷᠭ᠎ᠠ ᠪᠣᠳᠣᠯᠭ᠎ᠠ ᠤᠶᠠᠯᠳᠤᠯ︾ ᠢᠶᠠᠷ ᠪᠣᠬᠢᠷᠲᠤᠯ ᠥᠬᠡᠶ | ᠭᠠᠶᠢᠯᠢ ᠲᠠᠲᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ | ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠶᠢ ᠳᠡᠮᠵᠢᠵᠦ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠠᠰᠢᠭᠲᠠᠶ ᠶᠤᠮ ᠃ | ᠠᠰᠠᠭᠤᠬᠤ ᠨᠢ | ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠦᠨᠳᠦᠰᠦᠨ ᠵᠠᠷᠴᠢᠮ ᠨᠢ ᠶᠠᠭᠤ ᠪᠤᠢ︖ | ᠬᠠᠷᠢᠭᠤᠯᠬᠤ ᠨᠢ | ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠳᠤ ᠭᠤᠤᠯᠳᠠᠭᠤ ᠳᠣᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄ | ᠨᠢᠭᠡ ᠳᠤ ᠂ ᠲᠣᠭᠲᠠᠭᠤᠨ ᠢᠶᠠᠷ ᠬᠤᠪᠢᠷᠠᠭᠤᠯᠬᠤ ᠶᠢ ᠪᠡᠶᠡᠯᠡᠭᠦᠯᠦᠨ᠎ᠡ ᠃ ᠣᠳᠣ ᠪᠠᠶᠢᠭ᠎ᠠ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠳᠦᠷᠢᠮ ᠪᠣᠯᠤᠨ ᠤᠰᠤᠨ ᠤ ᠡᠬᠢ ᠪᠠᠶᠠᠯᠢᠭ ᠤᠨ | ᠰᠦᠢᠳᠬᠡᠯ ᠲᠠᠲᠠᠪᠤᠷᠢᠯᠠᠬᠤ ᠳᠦᠷᠢᠮ ᠢ ᠨᠢᠭᠡᠳᠦᠯᠲᠡᠶ ᠲᠥᠯᠥᠪᠯᠡᠨ ᠂ ᠭᠠᠶᠢᠯᠢ ᠶᠢᠨ ᠳᠦᠷᠢᠮ ᠤᠨ ᠬᠦᠴᠦᠨ ᠵᠦᠢᠯ | ᠪᠣᠯᠤᠨ ᠦᠨᠳᠦᠰᠦᠨ ᠪᠣᠷᠣ ᠲᠥᠯᠥᠪ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ ᠂ ᠤᠰᠤᠨ ᠤ ᠡᠬᠢ | ᠪᠠᠶᠠᠯᠢᠭ ᠤᠨ ᠰᠦᠢᠳᠬᠡᠯ ᠤᠨ ᠳᠦᠷᠢᠮ ᠤᠨ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠳᠦᠷᠢᠮ ᠤᠨ | ᠲᠣᠭᠲᠠᠭᠤᠨ ᠢᠶᠠᠷ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠃ | ᠬᠤᠶᠠᠷ ᠲᠤ ᠂ ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠎ᠠ ᠃ ᠤᠰᠤᠨ ᠤ ᠡᠬᠢ | ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠪᠠ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠤ ᠤᠰᠤ | ᠲᠠᠲᠠᠵᠤ ᠬᠡᠷᠡᠭᠯᠡᠬᠦ ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠵᠡᠷᠭᠡ ᠳᠤ ᠭᠠᠶᠢᠯᠢ ᠶᠢᠨ ᠲᠤᠭ᠎ᠠ ᠶᠢ ᠥᠨᠳᠥᠷ | ᠲᠣᠭᠲᠠᠭᠠᠵᠤ ᠂ ᠵᠥᠷᠢᠶᠡᠲᠦ ᠭᠠᠶᠢᠯᠢ ᠶᠢᠨ ᠲᠤᠭ᠎ᠠ ᠶᠢ ᠲᠣᠬᠢᠷᠠᠭᠤᠯᠬᠤ ᠪᠠᠷ ᠳᠠᠮᠵᠢᠭᠤᠯᠤᠨ ᠂ ᠭᠠᠶᠢᠯᠢ ᠲᠠᠲᠠᠪᠤᠷᠢ ᠶᠢᠨ | ᠲᠣᠬᠢᠷᠠᠭᠤᠯᠤᠯᠲᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ | ᠠᠪᠬᠤ ᠪᠠ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠬᠤ ᠬᠡᠷᠡᠭᠲᠡᠶ ᠃ | ᠭᠤᠷᠪᠠ ᠳᠤ ᠂ ᠭᠠᠵᠠᠷ ᠣᠷᠣᠨ ᠤ ᠵᠥᠷᠢᠶ᠎ᠡ ᠶᠢ ᠢᠯᠡᠷᠡᠭᠦᠯᠦᠨ᠎ᠡ ᠃ ᠠᠳᠠᠯᠢ ᠪᠤᠰᠤ ᠭᠠᠵᠠᠷ ᠣᠷᠣᠨ ᠤ | ᠤᠰᠤᠨ ᠤ ᠡᠬᠢ ᠪᠠᠶᠠᠯᠢᠭ ᠤᠨ ᠪᠠᠶᠢᠳᠠᠯ ᠬᠢᠭᠡᠳ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢᠨ | ᠵᠥᠷᠢᠶ᠎ᠡ ᠶᠢ ᠭᠦᠢᠴᠡᠳ ᠪᠣᠳᠣᠯᠬᠢᠯᠠᠵᠤ ᠂ ᠠᠳᠠᠯᠢ ᠪᠤᠰᠤ ᠭᠠᠵᠠᠷ ᠣᠷᠣᠨ ᠤ ᠳᠤᠮᠳᠠᠴᠢ ᠭᠠᠶᠢᠯᠢ ᠶᠢᠨ ᠲᠣᠭᠠᠨ ᠤ ᠬᠢᠷᠢ | ᠬᠡᠮᠵᠢᠶ᠎ᠡ ᠶᠢ ᠵᠦᠢ ᠵᠣᠬᠢᠰᠲᠠᠶ ᠲᠣᠬᠢᠷᠠᠭᠤᠯᠵᠤ ᠂ ᠣᠷᠣᠨ ᠨᠤᠲᠤᠭ ᠲᠤ ᠡᠷᠬᠡ ᠣᠯᠭᠤᠭᠰᠠᠨ ᠭᠠᠵᠠᠷ ᠣᠷᠣᠨ ᠤ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠪᠣᠳᠠᠲᠠᠶ ᠲᠤᠬᠢᠷᠠᠬᠤ ᠭᠠᠶᠢᠯᠢ ᠶᠢᠨ ᠲᠤᠭ᠎ᠠ ᠶᠢ ᠲᠣᠭᠲᠠᠭᠠᠯ ᠶᠣᠰᠣᠭᠠᠷ | ᠲᠣᠭᠲᠠᠭᠠᠬᠤ ᠬᠡᠷᠡᠭᠲᠡᠶ ᠃ | ᠳᠥᠷᠪᠡ ᠳᠤ ᠂ ᠣᠷᠣᠨ ᠨᠤᠲᠤᠭ ᠤᠨ ᠢᠳᠡᠪᠬᠢᠵᠢᠯ ᠢ ᠳᠠᠶᠢᠴᠢᠯᠠᠨ᠎ᠠ ᠃ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠣᠷᠣᠯᠭ᠎ᠠ ᠶᠢ ᠪᠦᠬᠦᠨ ᠢ ᠣᠷᠣᠨ ᠨᠤᠲᠤᠭ ᠲᠤ ᠦᠯᠡᠳᠡᠭᠡᠨ ᠥᠭᠴᠦ ᠂ ᠥᠭᠡᠷᠡᠴᠢᠯᠡᠯᠲᠡ ᠪᠠᠷ | ᠳᠠᠮᠵᠢᠭᠤᠯᠤᠨ ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ ᠨᠡᠮᠡᠭᠳᠡᠭᠦᠯᠵᠦ ᠂ ᠣᠷᠣᠨ ᠨᠤᠲᠤᠭ ᠤᠨ | ᠭᠠᠶᠢᠯᠢ ᠶᠢᠨ ᠢᠷᠡᠯᠲᠡ ᠶᠢ ᠥᠷᠭᠡᠳᠬᠡᠨ ᠂ ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠡᠷᠬᠡ | ᠮᠡᠳᠡᠯ ᠢ ᠵᠣᠬᠢᠰᠲᠠᠶ ᠥᠷᠭᠡᠳᠬᠡᠵᠦ ᠂ ᠣᠷᠣᠨ ᠨᠤᠲᠤᠭ ᠤᠨ ᠬᠢᠨ ᠤ ᠢᠳᠡᠪᠬᠢᠵᠢᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠶ ᠃ | ᠠᠰᠠᠭᠤᠬᠤ ᠨᠢ | ᠤᠰᠤᠨ ᠤ ᠡᠬᠢ ᠪᠠᠶᠠᠯᠢᠭ ᠤᠨ ᠰᠦᠢᠳᠬᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ | ᠭᠤᠤᠯ ᠠᠭᠤᠯᠭ᠎ᠠ ᠨᠢ ᠶᠠᠭᠤ ᠪᠤᠶ︖ | ᠬᠠᠷᠢᠭᠤᠯᠬᠤ ᠨᠢ | ︽ᠠᠷᠭ᠎ᠠ︾ ᠳᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ ᠲᠤᠰᠢᠶᠠᠭᠴᠢ ᠂ ᠭᠠᠶᠢᠯᠢ ᠪᠤᠳᠤᠬᠤ | ᠦᠨᠳᠦᠰᠦᠯᠡᠯ ᠂ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠭᠠᠶᠢᠯᠢ ᠶᠢᠨ | ᠲᠦᠷᠢᠮ ᠤᠨ ᠬᠦᠴᠦᠨ ᠵᠦᠢᠯ ᠳᠤ ᠪᠣᠳᠠᠲᠠᠶ ᠲᠣᠭᠲᠠᠭᠠᠯ ᠭᠠᠷᠭᠠᠵᠠᠶ ᠃ | ︵ᠨᠢᠭᠡ︶ ᠭᠠᠶᠢᠯᠢ ᠲᠤᠰᠢᠶᠠᠭᠴᠢ ᠪᠣᠯᠤᠨ ᠭᠠᠶᠢᠯᠢ ᠪᠣᠳᠣᠬᠤ ᠦᠨᠳᠦᠰᠦᠯᠡᠯ ᠃ ᠤᠰᠤᠨ ᠤ ᠡᠬᠢ ᠪᠠᠶᠠᠯᠢᠭ ᠤᠨ | ᠭᠠᠶᠢᠯᠢ ᠲᠤᠰᠢᠶᠠᠭᠴᠢ ᠪᠤᠯ ᠭᠤᠤᠯ ᠮᠦᠷᠡᠨ ᠂ ᠨᠠᠭᠤᠷ ᠴᠦᠬᠦᠷᠦᠮ ︵ᠤᠰᠤᠨ ᠴᠦᠬᠦᠷᠦᠮ ᠂ ᠤᠰᠤ ᠳᠠᠲᠠᠬᠤ | ᠢᠨᠵᠧᠨᠧᠷᠢᠩ ᠵᠡᠷᠭᠡ ᠤᠰᠤᠨ ᠤ ᠡᠬᠢ ᠪᠠᠶᠠᠯᠢᠭ ᠢ ᠰᠢᠭᠤᠳ ᠲᠤᠬᠢᠷᠠᠭᠤᠯᠬᠤ ᠢᠨᠵᠧᠨᠧᠷᠢᠩ ᠪᠠᠭᠳᠠᠨ᠎ᠠ︶ ᠪᠠ ᠭᠠᠵᠠᠷ | ᠳᠣᠣᠷ᠎ᠠ ᠠᠴᠠ ᠤᠰᠤᠨ ᠤ ᠡᠬᠢ ᠪᠠᠶᠠᠯᠢᠭ ᠢ ᠠᠪᠴᠤ ᠬᠡᠷᠡᠭᠯᠡᠬᠦ ᠨᠢᠭᠡᠴᠢ ᠪᠠ ᠬᠤᠪᠢ ᠬᠦᠮᠦᠨ ᠃ ᠤᠰᠤᠨ ᠤ ᠡᠬᠢ | ᠪᠠᠶᠠᠯᠢᠭ ᠤᠨ ᠭᠠᠶᠢᠯᠢ ᠳᠤ ᠬᠡᠮᠵᠢᠶ᠎ᠡ ᠪᠠᠷ ᠪᠣᠳᠣᠵᠤ ᠲᠠᠲᠠᠪᠤᠷᠢᠯᠠᠬᠤ ᠶᠢ ᠬᠡᠷᠡᠭᠵᠢᠭᠦᠯᠦᠨ᠎ᠡ ᠃ | ︵ᠬᠤᠶᠠᠷ︶ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠃ ᠤᠰᠤᠨ ᠤ ᠡᠬᠢ ᠪᠠᠶᠠᠯᠢᠭ ᠤᠨ ᠭᠠᠶᠢᠯᠢ ᠤᠰᠤᠨ ᠤ | ᠡᠬᠢ ᠪᠠᠶᠠᠯᠢᠭ ᠤᠨ ᠪᠠᠶᠢᠳᠠᠯ ᠂ ᠤᠰᠤ ᠲᠠᠲᠠᠵᠤ ᠬᠡᠷᠡᠭᠯᠡᠬᠦ ᠲᠥᠷᠥᠯ ᠵᠦᠢᠯ ᠪᠣᠯᠤᠨ ᠠᠵᠤ ᠠᠬᠤᠶ ᠶᠢᠨ ᠬᠥᠭᠵᠢᠯᠲᠡ | ᠵᠡᠷᠭᠡ ᠪᠠᠶᠢᠳᠠᠯ ᠢ ᠦᠨᠳᠦᠰᠦᠯᠡᠨ ᠭᠠᠶᠢᠯᠢ ᠶᠢᠨ ᠲᠤᠭ᠎ᠠ ᠪᠠᠨ ᠵᠥᠷᠢᠶ᠎ᠡ ᠲᠠᠢ ᠪᠠᠶᠢᠯᠭᠠᠬᠤ ᠶᠢ ᠬᠡᠷᠡᠭᠵᠢᠭᠦᠯᠦᠨ᠎ᠡ ᠃ | ᠤᠯᠤᠰ ᠠᠴᠠ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠳᠤᠮᠳᠠᠴᠢ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠲᠣᠳᠣᠷᠬᠠᠶᠢᠯᠠᠵᠤ ᠂ | ᠪᠣᠳᠠᠲᠠᠶ ᠲᠤᠬᠢᠷᠠᠬᠤ ᠭᠠᠶᠢᠯᠢ ᠶᠢᠨ ᠨᠣᠷᠮ᠎ᠠ ᠶᠢ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ | ᠬᠤᠲᠠ ᠠᠴᠠ ᠲᠣᠭᠲᠠᠭᠠᠨ᠎ᠠ ᠃ ᠡᠭᠦᠨ ᠤ ᠬᠠᠮᠲᠤ ᠂ ᠭᠠᠵᠠᠷ ᠳᠣᠤᠷᠠᠬᠢ ᠤᠰᠤ ᠂ ᠤᠰᠤᠨ ᠤ ᠡᠬᠢ ᠪᠠᠶᠠᠯᠢᠭ ᠢ | ᠲᠠᠲᠠᠵᠤ ᠬᠡᠷᠡᠭᠯᠡᠬᠦ ᠬᠦᠨᠳᠦ ᠨᠣᠴᠢᠲᠠᠶ ᠳᠤᠲᠠᠭᠳᠠᠭᠰᠠᠨ ᠪᠠ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠤ ᠤᠰᠤ | ᠲᠠᠲᠠᠵᠤ ᠬᠡᠷᠡᠭᠯᠡᠬᠦ ᠬᠡᠮᠵᠢᠶ᠎ᠡ ᠶᠢ ᠳᠡᠭᠡᠳᠦ ᠬᠡᠮᠵᠢᠶ᠎ᠡ ᠠᠴᠠ ᠨᠢ ᠭᠠᠶᠢᠯᠢ ᠶᠢᠨ ᠲᠤᠭ᠎ᠠ ᠶᠢ ᠲᠣᠭᠲᠠᠭᠠᠬᠤ ᠬᠡᠷᠡᠭᠲᠡᠶ ᠭᠡᠵᠦ | ᠱᠠᠭᠠᠷᠳᠠᠪᠠ ᠃ | ︵ᠭᠤᠷᠪᠠ︶ ᠭᠠᠶᠢᠯᠢ ᠲᠠᠲᠠᠪᠤᠷᠢ ᠶᠢᠨ ᠬᠠᠷᠠᠭᠠᠯᠵᠠᠯ ᠃ ᠲᠣᠭᠲᠠᠭᠠᠭᠰᠠᠨ ᠬᠢᠵᠠᠭᠠᠷ ᠲᠣᠭᠠᠨ ᠤ ᠳᠣᠲᠣᠷᠠᠬᠢ | ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠲᠠᠲᠠᠵᠤ ᠬᠡᠷᠡᠭᠯᠡᠬᠦ ᠵᠡᠷᠭᠡ ᠲᠠᠪᠤᠨ ᠵᠦᠢᠯ ᠤᠨ ᠪᠠᠶᠢᠳᠠᠯ ᠠᠴᠠ | ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠦᠭᠡᠢ︔ ᠲᠣᠭᠲᠠᠭᠠᠭᠰᠠᠨ ᠬᠢᠵᠠᠭᠠᠷ ᠲᠤᠭ᠎ᠠ ᠠᠴᠠ | ᠬᠡᠲᠦᠷᠡᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠲᠠᠲᠠᠵᠤ ᠬᠡᠷᠡᠭᠯᠡᠬᠦ ᠵᠢᠴᠢ ᠬᠥᠳᠡᠭᠡ ᠲᠣᠰᠬᠤᠨ ᠤ ᠤᠰᠤ | ᠲᠥᠪᠯᠡᠷᠡᠭᠰᠡᠨ ᠤᠰᠤ ᠤᠮᠳᠠ ᠶᠢᠨ ᠢᠨᠵᠧᠨᠧᠷᠢᠩ ᠠᠴᠠ ᠤᠰᠤ ᠲᠠᠲᠠᠵᠤ ᠬᠡᠷᠡᠭᠯᠡᠬᠦ ᠲᠠᠯ᠎ᠠ ᠪᠠᠷ ᠂ ᠣᠷᠣᠨ ᠨᠤᠲᠤᠭ ᠲᠤ | ᠡᠷᠬᠡ ᠣᠯᠭᠤᠵᠤ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠦᠨ᠎ᠡ︔ ᠤᠰᠤ ᠬᠡᠷᠡᠭᠯᠡᠬᠦ ᠦᠷ᠎ᠡ | ᠪᠦᠲᠦᠮᠵᠢ ᠨᠢ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠥᠷᠲᠡᠭ ᠲᠤ ᠬᠦᠷᠦᠭᠰᠡᠨ | ᠬᠠᠮᠢᠶ᠎ᠠ ᠪᠦᠬᠦᠢ ᠭᠠᠶᠢᠯᠢ ᠲᠤᠰᠢᠶᠠᠭᠴᠢ ᠠᠴᠠ ᠤᠰᠤᠨ ᠤ ᠡᠬᠢ ᠪᠠᠶᠠᠯᠢᠭ ᠤᠨ ᠭᠠᠶᠢᠯᠢ ᠶᠢ ᠬᠥᠩᠭᠡᠯᠡᠨ | ᠲᠠᠲᠠᠪᠤᠷᠢᠯᠠᠨ᠎ᠠ ᠃ | ︵ᠳᠥᠷᠪᠡ︶ ᠣᠷᠣᠯᠭ᠎ᠠ ᠶᠢᠨ ᠬᠠᠷᠢᠶᠠᠯᠠᠯ ᠃ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ | ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ ᠂ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠣᠷᠣᠯᠭ᠎ᠠ ᠶᠢ ᠴᠥᠮ ᠣᠷᠣᠨ ᠨᠤᠲᠤᠭ ︵ᠲᠦᠭᠦᠬᠡᠶ ᠤᠰᠤᠨ ᠤ ᠡᠬᠢ ᠪᠠᠶᠠᠯᠢᠭ ᠤᠨ ᠵᠠᠷᠤᠳᠠᠯ ᠤᠨ | ᠣᠷᠣᠯᠭ᠎ᠠ ᠳᠤ ᠲᠥᠪ ᠪᠠ ᠣᠷᠣᠨ ᠨᠤᠲᠤᠭ 1᠄ 9 ᠶᠢᠨ ᠬᠤᠪᠢᠳᠠᠯ ᠢ ᠬᠡᠷᠡᠭᠵᠢᠭᠦᠯᠦᠨ᠎ᠡ︶ ᠤᠨ ᠡᠵᠡᠨ ᠮᠡᠳᠡᠬᠦ | ᠡᠳ᠋ ᠤᠨ ᠬᠦᠴᠦ ᠶᠢ ᠵᠣᠬᠢᠰᠲᠠᠢ ᠪᠠᠷ ᠨᠡᠮᠡᠭᠳᠡᠭᠦᠯᠦᠨ᠎ᠡ ᠃ | ︵ᠲᠠᠪᠤ︶ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠪᠣᠯᠤᠨ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠵᠢᠯᠴᠠᠨ ᠭᠠᠶᠢᠯᠢ | ᠲᠠᠲᠠᠪᠤᠷᠢᠯᠠᠬᠤ ᠲᠣᠭᠲᠠᠴᠠ ᠶᠢ ᠪᠦᠷᠢᠨᠰᠢᠭᠦᠯᠵᠦ ᠂ ᠭᠠᠶᠢᠯᠢ ᠲᠤᠰᠢᠶᠠᠭᠴᠢ ᠶᠢᠨ ᠤᠰᠤ ᠲᠠᠲᠠᠬᠤ ᠬᠡᠮᠵᠢᠯᠲᠡ ᠶᠢᠨ | ᠪᠡᠯᠡᠳᠬᠡᠮᠵᠢ ︵ᠪᠠᠭᠠᠵᠢ ᠬᠡᠷᠡᠭᠰᠡᠯ ᠢ ᠴᠢᠩᠭᠠᠷᠠᠭᠤᠯᠤᠨ᠎ᠠ︶ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ | ᠴᠢᠩᠭᠠᠳᠬᠠᠨ᠎ᠠ ᠃ | ᠠᠰᠠᠭᠤᠬᠤ ᠨᠢ | ᠲᠦᠷᠦᠭᠦᠤ ᠬᠤᠶᠠᠷ ᠤᠳᠠᠭᠠᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠲᠠᠢ ᠬᠠᠷᠢᠴᠠᠭᠤᠯᠪᠠᠯ ᠂ ︽ᠠᠷᠭ᠎ᠠ︾ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠬᠢᠭᠰᠡᠨ ᠪᠣᠶ︖ | ᠬᠠᠷᠢᠭᠤᠯᠬᠤ ᠨᠢ | ᠲᠦᠷᠦᠭᠦᠤ ᠬᠤᠶᠠᠷ ᠤᠳᠠᠭᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠲᠠᠢ ᠬᠠᠷᠢᠴᠠᠭᠤᠯᠪᠠᠯ ᠂ ︽ | ᠠᠷᠭ᠎ᠠ︾ ᠳᠤ ᠭᠤᠤᠯᠳᠠᠭᠤ ᠳᠥᠷᠪᠡᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠣᠶ᠄ | ᠨᠢᠭᠡ ᠳᠤ ᠂ ᠭᠠᠶᠢᠯᠢ ᠲᠠᠲᠠᠪᠤᠷᠢ ᠶᠢᠨ ᠳᠦᠷᠢᠮ ᠢ ᠲᠡᠭᠦᠯᠳᠡᠷᠵᠢᠭᠦᠯᠪᠡ ᠃ ︽ᠠᠷᠭ᠎ᠠ︾ ᠨᠢ ᠤᠰᠤᠨ ᠤ ᠡᠬᠢ | ᠪᠠᠶᠠᠯᠢᠭ ᠤᠨ ᠭᠠᠶᠢᠯᠢ ᠲᠠᠲᠠᠪᠤᠷᠢᠯᠠᠬᠤ ᠬᠡᠪᠴᠢᠶ᠎ᠡ ᠪᠠ ᠡᠲᠡᠭᠡᠳ ᠢ ᠤᠯᠠᠮ ᠨᠢᠭᠡ ᠠᠯᠬᠤᠮ ᠵᠠᠭᠠᠭᠯᠠᠨ ᠲᠣᠭᠲᠠᠭᠠᠵᠠᠢ︔ | ᠭᠠᠶᠢᠯᠢ ᠲᠤᠰᠢᠶᠠᠭᠴᠢ ᠶᠢᠨ ᠤᠰᠤ ᠠᠪᠴᠤ ᠬᠡᠷᠡᠭᠯᠡᠬᠦ ᠳᠤ ᠣᠯᠠᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢᠨ | ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠱᠠᠭᠠᠷᠳᠠᠯᠭ᠎ᠠ ᠶᠢ ᠨᠠᠷᠢᠯᠢᠬᠵᠢᠭᠤᠯᠪᠠ︔ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠵᠥᠪ ᠴᠢᠭᠯᠡᠯ ᠢᠶᠠᠷ ᠤᠷᠮᠠᠰᠢᠭᠤᠯᠤᠨ ᠵᠢᠯᠣᠭᠤᠳᠬᠤ ᠦᠢᠯᠡᠳᠦᠯ ᠢ | ᠴᠢᠩᠭᠠᠷᠠᠭᠤᠯᠪᠠ︔ ᠡᠬᠢ ᠪᠠᠶᠠᠯᠢᠭ ᠤᠨ ᠭᠠᠶᠢᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠲᠠᠢ | ᠵᠣᠯᠭᠠᠯᠳᠤᠭᠤᠯᠵᠤ ᠂ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠭᠠᠵᠠᠷ ᠢ ᠦᠢᠯᠡᠳᠪᠦᠷᠢᠯᠡᠯ | ᠡᠵᠡᠩᠨᠡᠯᠲᠡ ᠶᠢᠨ ᠪᠠᠶᠢᠭ᠎ᠠ ᠭᠠᠵᠠᠷ ᠠᠴᠠ ᠨᠢ ᠤᠰᠤ ᠠᠪᠬᠤ ᠠᠮᠠᠰᠠᠷ ᠪᠣᠯᠭᠠᠨ ᠲᠣᠬᠢᠷᠠᠭᠤᠯᠪᠠ ᠃ | ᠬᠤᠶᠠᠷ ᠲᠤ ᠂ ᠣᠷᠣᠨ ᠨᠤᠲᠤᠭ ᠤᠨ ᠡᠷᠬᠡ ᠮᠡᠳᠡᠯ ᠢ ᠦᠷᠭᠡᠳᠭᠡᠪᠡ ᠃ ︽ᠠᠷᠭ᠎ᠠ︾ ᠨᠢ ᠣᠷᠣᠨ ᠨᠤᠲᠤᠭ ᠤᠨ | ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠵᠣᠬᠢᠰᠲᠠᠶ ᠥᠷᠭᠡᠳᠬᠡᠵᠦ ᠂ ᠡᠭᠦᠨ ᠳᠤ ᠣᠷᠣᠨ | ᠨᠤᠲᠤᠭ ᠠᠴᠠ ᠬᠠᠰᠤᠵᠤ ᠲᠠᠲᠠᠪᠤᠷᠢᠯᠠᠬᠤ ᠪᠠ ᠬᠡᠯᠲᠦᠷᠢᠭᠦᠯᠵᠦ ᠪᠣᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠰᠢᠨ᠎ᠡ ᠪᠠᠷ ᠨᠡᠮᠡᠭᠳᠡᠭᠦᠯᠪᠡ︔ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ ᠶᠢᠨ | ᠲᠤᠭ᠎ᠠ ᠶᠢᠨ ᠪᠠᠷᠢᠮᠵᠢᠶ᠎ᠠ ᠶᠢ ᠳᠥᠭᠦᠮᠴᠢᠯᠡᠵᠦ ᠂ ᠣᠷᠣᠨ ᠨᠤᠲᠤᠭ ᠲᠤ ᠡᠷᠬᠡ ᠣᠯᠭᠤᠵᠤ ᠪᠠᠶᠢᠭᠠᠳ ᠪᠣᠳᠠᠲᠠᠶ | ᠭᠠᠶᠢᠯᠢ ᠶᠢᠨ ᠲᠤᠭ᠎ᠠ ᠶᠢ ᠲᠣᠭᠲᠠᠭᠠᠬᠤ ᠦᠶ᠎ᠡ ᠳᠤ ᠨᠠᠩ ᠣᠯᠠᠨ ᠲᠣᠬᠢᠷᠠᠭᠤᠯᠬᠤ ᠣᠷᠣᠨ ᠵᠠᠶ ᠲᠠᠢ ᠪᠣᠯᠭᠠᠨ᠎ᠠ︔ | ᠣᠷᠣᠨ ᠨᠤᠲᠤᠭ ᠲᠤ ᠡᠷᠬᠡ ᠣᠯᠭᠤᠵᠤ ᠪᠠᠶᠢᠭᠠᠳ ᠤᠰᠤ ᠠᠪᠴᠤ ᠬᠡᠷᠡᠭᠯᠡᠬᠦ ᠤᠰᠤᠨ ᠤ ᠡᠬᠢ ᠪᠠᠶᠠᠯᠢᠭ ᠤᠨ | ᠭᠠᠶᠢᠯᠢ ᠶᠢ ᠬᠢᠨᠠᠨ ᠲᠣᠭᠲᠠᠭᠠᠬᠤ ᠠᠷᠭ᠎ᠠ ᠪᠠ ᠪᠤᠳᠤᠵᠤ ᠲᠠᠲᠠᠪᠤᠷᠢᠯᠠᠬᠤ ᠠᠷᠭ᠎ᠠ ᠮᠠᠶ᠋ᠢᠭ ᠵᠡᠷᠭᠡ ᠶᠢ ᠲᠣᠭᠲᠠᠭᠠᠨ᠎ᠠ ᠃ | ᠭᠤᠷᠪᠠ ᠳᠤ ᠂ ᠲᠠᠲᠠᠪᠤᠷᠢᠯᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠪᠡ ᠃ ︽ᠠᠷᠭ᠎ᠠ︾ ᠳᠤ ᠭᠠᠶᠢᠯᠢ | ᠲᠤᠰᠢᠶᠠᠭᠴᠢ ᠶᠢᠨ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠬᠠᠮᠢᠶ᠎ᠠ ᠪᠥᠬᠦᠶ ᠬᠠᠷᠢᠭᠤᠴᠠᠯᠭ᠎ᠠ ᠪᠠ | ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶ ᠲᠣᠭᠲᠠᠭᠠᠪᠠ ᠃ ᠡᠭᠦᠨ ᠤ ᠬᠠᠮᠲᠤ ᠂ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠪᠣᠯᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠲᠠᠲᠠᠪᠤᠷᠢᠯᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠵᠤ ᠬᠠᠮᠢᠶᠠᠷᠬᠤ ᠦᠷ᠎ᠡ | ᠪᠦᠲᠦᠮᠵᠢ ᠶᠢ ᠳᠡᠭᠡᠭᠰᠢᠯᠡᠭᠦᠯᠪᠡ ᠃ | ᠳᠥᠷᠪᠡ ᠳᠤ ᠂ ᠦᠨ᠎ᠡ ᠶᠢᠨ ᠭᠠᠶᠢᠯᠢ ᠶᠢᠨ ᠬᠠᠷᠢᠴᠠᠭ᠎ᠠ ᠶᠢ ᠰᠢᠯᠤᠭᠤᠳᠬᠠᠪᠠ ᠃ ︽ᠠᠷᠭ᠎ᠠ︾ ᠳᠤ ᠤᠰᠤᠨ ᠤ | ᠡᠬᠢ ᠪᠠᠶᠠᠯᠢᠭ ᠤᠨ ᠭᠠᠶᠢᠯᠢ ᠪᠠ ᠤᠰᠤ ᠬᠠᠩᠭᠠᠬᠤ ᠦᠨ᠎ᠡ ᠬᠠᠩᠰᠢ ᠶᠢᠨ ᠬᠠᠷᠢᠴᠠᠭ᠎ᠠ ᠶᠢ ᠲᠣᠳᠣᠷᠬᠠᠶᠢᠯᠠᠵᠤ ᠂ ᠬᠤᠲᠠ | ᠪᠠᠯᠭᠠᠰᠤᠨ ᠤ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠨᠢ ᠤᠰᠤᠨ ᠤ ᠡᠬᠢ ᠪᠠᠶᠠᠯᠢᠭ ᠤᠨ ᠭᠠᠶᠢᠯᠢ | ᠲᠤᠰᠢᠶᠠᠭᠴᠢ ᠪᠣᠯᠤᠨ᠎ᠠ ᠂ ᠤᠰᠤᠨ ᠤ ᠡᠬᠢ ᠪᠠᠶᠠᠯᠢᠭ ᠤᠨ ᠭᠠᠶᠢᠯᠢ ᠬᠢᠭᠡᠳ ᠲᠦᠭᠡᠭᠡᠯ ᠤᠰᠤᠨ ᠤ ᠦᠨ᠎ᠡ | ᠬᠠᠩᠰᠢ ᠶᠢᠨ ᠭᠠᠶᠢᠯᠢ ᠶᠢ ᠰᠠᠯᠭᠠᠬᠤ ᠶᠢ ᠬᠡᠷᠡᠭᠵᠢᠭᠦᠯᠵᠦ ᠂ ᠭᠠᠶᠢᠯᠢ ᠲᠠᠲᠠᠪᠤᠷᠢ ᠪᠠᠷ ᠬᠤᠯᠪᠣᠭᠳᠠᠯ ᠪᠥᠬᠦᠶ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ | ᠭᠤᠭᠤᠵᠢᠭᠳᠠᠯ ᠢ ᠬᠢᠵᠠᠭᠠᠷᠯᠠᠬᠤ ᠪᠠ ᠪᠠᠭᠤᠷᠠᠭᠤᠯᠤᠨ᠎ᠠ ᠃ | ᠠᠰᠠᠭᠤᠬᠤ ᠨᠢ | ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠶᠢᠯᠢ | ᠪᠣᠯᠭᠠᠨ ᠥᠭᠡᠷᠡᠴᠢᠯᠡᠵᠦ ᠲᠣᠭᠲᠠᠭᠤᠨ ᠢᠶᠠᠷ ᠬᠡᠷᠡᠭᠵᠢᠭᠦᠯᠬᠦ ᠶᠢ ᠠᠬᠢᠭᠤᠯᠬᠤ ᠪᠣᠶ︖ | ᠬᠠᠷᠢᠭᠤᠯᠬᠤ ᠨᠢ | ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ | ᠬᠤᠯᠪᠣᠭᠳᠠᠬᠤ ᠬᠡᠪᠴᠢᠶ᠎ᠡ ᠥᠷᠭᠡᠨ ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠂ ᠨᠡᠶᠢᠭᠡᠮ ᠤᠨ ᠠᠩᠬᠠᠷᠤᠯ ᠤᠨ | ᠬᠡᠮᠵᠢᠶ᠎ᠡ ᠥᠨᠳᠥᠷ ᠪᠠᠶᠢᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠶᠢᠨ ᠲᠤᠰᠠᠳᠠ ᠂ ᠡᠯ᠎ᠡ | ᠱᠠᠲᠤᠨ ᠤ ᠡᠳ᠋ ᠤᠨ ᠵᠠᠰᠠᠭ ᠂ ᠭᠠᠶᠢᠯᠢ ᠶᠢᠨ ᠶᠠᠪᠤᠳᠠᠯ ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠣᠯᠠᠨ ᠵᠦᠢᠯ ᠤᠨ ᠵᠠᠭᠤᠴᠢ ᠶᠢ | ᠠᠰᠢᠭᠯᠠᠨ ᠭᠠᠶᠢᠯᠢ ᠲᠤᠰᠢᠶᠠᠭᠴᠢ ᠳᠤ ᠴᠢᠭᠯᠡᠭᠦᠯᠬᠦ ᠴᠢᠨᠠᠷᠲᠠᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ | ᠬᠢᠵᠦ ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠂ ᠭᠤᠶᠤᠴᠢᠯᠠᠨ ᠮᠡᠳᠡᠭᠦᠯᠵᠦ ᠴᠢᠳᠠᠬᠤ ᠂ | ᠮᠡᠳᠡᠵᠦ ᠠᠵᠢᠯᠯᠠᠬᠤ ᠶᠢ ᠦᠨᠡᠨ ᠬᠦ ᠪᠠᠲᠤᠯᠠᠵᠤ ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠣᠯᠤᠨ | ᠨᠠᠶᠢᠳᠠᠪᠤᠷᠢᠵᠢᠭᠤᠯᠬᠤ ᠣᠨᠣᠪᠴᠢᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠃ ᠡᠭᠦᠨ ᠤ ᠬᠠᠮᠲᠤ ᠂ | ᠭᠠᠶᠢᠯᠢ ᠶᠢᠨ ᠶᠠᠪᠤᠳᠠᠯ ᠬᠢᠭᠡᠳ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠬᠤ | ᠲᠣᠭᠲᠠᠴᠠ ᠶᠢ ᠪᠠᠶᠢᠭᠤᠯᠵᠤ ᠂ ᠭᠠᠶᠢᠯᠢ ᠲᠤᠰᠢᠶᠠᠭᠴᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠤᠰᠢᠶᠠᠬᠤ ᠪᠠ | ᠭᠥᠯᠢᠶᠡᠨ ᠠᠪᠴᠤ ᠂ ᠭᠠᠶᠢᠯᠢ ᠲᠠᠲᠠᠪᠤᠷᠢᠯᠠᠬᠤ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ ᠪᠠ ᠰᠢᠯᠭᠠᠨ | ᠰᠢᠯᠭᠠᠵᠤ ᠂ ᠭᠠᠶᠢᠯᠢ ᠳᠤ ᠬᠤᠯᠪᠣᠭᠳᠠᠭᠰᠠᠨ ᠮᠡᠳᠡᠭᠡ ᠵᠠᠩᠭᠢ ᠶᠢ ᠠᠦ᠋ᠲ᠋ᠣ᠋ ᠲᠠᠭᠯᠠᠵᠤ ᠂ ᠠᠦ᠋ᠲ᠋ᠣ᠋ ᠪᠤᠳᠤᠬᠤ ᠶᠢ | ᠪᠡᠶᠡᠯᠡᠭᠦᠯᠵᠦ ᠂ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ ᠃ ᠡᠳ᠋ ᠤᠨ ᠵᠠᠰᠠᠭ ᠤᠨ ᠶᠠᠮᠤᠨ ᠂ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠂ ᠤᠰᠤᠨ ᠠᠰᠢᠭᠯᠠᠯᠲᠠ ᠶᠢᠨ ᠶᠠᠮᠤᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ ᠂ | ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯᠯᠠᠭᠠᠨ ᠤ ᠪᠠᠶᠢᠳᠠᠯ ᠢ ᠮᠥᠷᠳᠡᠨ ᠵᠠᠳᠠᠯᠵᠤ ᠂ ᠲᠤᠷᠰᠢᠯᠲᠠ ᠶᠢᠨ ᠴᠡᠭ ᠤᠨ | ᠦᠷ᠎ᠡ ᠪᠦᠲᠦᠮᠵᠢ ᠶᠢ ᠴᠠᠭ ᠲᠤᠬᠠᠶ ᠳᠤᠨᠢ ᠳ᠋ᠦᠩᠨᠡᠨ ᠦᠨᠡᠯᠡᠨ ᠵᠢᠱᠢᠵᠦ ᠂ ᠡᠯ᠎ᠡ ᠭᠠᠵᠠᠷ ᠤᠨ ᠠᠵᠢᠯ ᠤᠨ ᠡᠭᠦᠷᠭᠡ ᠪᠠ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠵᠢᠯᠣᠭᠤᠳᠴᠤ ᠂ ᠰᠠᠯᠠᠭ᠎ᠠ ᠮᠥᠴᠢᠷ ᠤᠳ ᠤᠨ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠵᠤ ᠂ ᠲᠤᠷᠰᠢᠯᠲᠠ ᠶᠢᠨ ᠴᠡᠭ ᠤᠨ ᠠᠵᠢᠯ ᠤᠨ ᠲᠣᠭᠲᠠᠭᠤᠨ ᠢᠶᠠᠷ ᠠᠬᠢᠬᠤ ᠶᠢ ᠦᠨᠡᠨ | ᠬᠦ ᠪᠠᠲᠤᠯᠠᠬᠤ ᠬᠡᠷᠡᠭᠲᠡᠶ ᠃ | |