2024 ᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠭᠤᠶᠤᠴᠢᠯᠠᠨ ᠮᠡᠳᠡᠭᠦᠯᠦᠭᠰᠡᠨ ᠬᠥᠮᠥᠰ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/10/17
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 4 ᠳ᠋ᠤᠭᠡᠷ ᠲᠣᠭᠠᠲᠤ︶᠂ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶᠂ ︽2024 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢ ᠬᠢᠨᠠᠨ ᠲᠣᠭᠲᠠᠭᠠᠬᠤ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 168 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠮᠡᠳᠡᠭᠦᠯᠦᠭᠰᠡᠨ ᠬᠥᠮᠦᠰ ᠢ ᠢᠯᠡ ᠨᠡᠶᠢᠲᠡᠯᠡᠪᠡ᠃  ᠨᠢᠭᠡ᠂ ᠬᠦᠮᠦᠰ ᠤᠨ ᠨᠡᠷᠡᠰ  ᠪᠤᠤ ᠸᠧᠢ  ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠯᠠᠭᠠᠨᠬᠠᠳᠠ ᠶᠢᠨ ᠤᠰᠤᠨ ᠰᠢᠨᠵᠢᠯᠡᠭᠡᠨ ᠤ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2024 ᠣᠨ ᠤ 10 ᠳ᠋ᠤᠭᠠᠷ ᠰᠠᠷ᠎ᠠ ᠶᠢᠨ 18 ᠤ ᠡᠳᠦᠷ ᠠᠴᠠ 2024 ᠣᠨ ᠤ 10 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠃  ᠭᠤᠷᠪᠠ᠂ ᠬᠦᠯᠢᠶᠡᠨ ᠠᠪᠴᠤ ᠭᠦᠢᠴᠡᠳᠭᠡᠬᠦ ᠠᠷᠭ᠎ᠠ ᠮᠠᠶ᠋ᠢᠭ  ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃  ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠳ᠋ᠤᠭᠠᠷ ᠥᠷᠥᠭᠡ ᠳᠤ ᠳᠣᠭᠢᠷᠠᠭᠤᠯᠪᠠ᠃  ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ 13᠄ 30 — 17᠄ 00 ᠴᠠᠭ  ᠬᠦᠯᠢᠶᠡᠨ ᠠᠪᠴᠤ ᠰᠢᠢᠳᠪᠤᠷᠢᠯᠡᠬᠦ ᠤᠲᠠᠰᠤ᠄ ︵0471︶ — 5259607 5259546  ᠣᠨᠴᠠᠭᠠᠶᠢᠯᠠᠨ ᠵᠠᠷᠯᠠᠪᠠ    2024 ᠣᠨ ᠤ 10 ᠳ᠋ᠤᠭᠠᠷ ᠰᠠᠷ᠎ᠠ ᠶᠢᠨ 17 ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号