ᠵᠢᠷᠭᠤᠳᠤᠭᠠᠷ ᠬᠤᠭᠤᠴᠠᠭᠠᠨ ᠤ ᠬᠠᠳᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠤᠯᠠᠨ ᠤᠯᠤᠰ ᠤᠨ ᠶᠠᠷᠢᠶᠠᠨ ᠤ ᠲᠠᠪᠴᠠᠩ ᠬᠥᠬᠡᠬᠤᠲᠠ ᠳᠤ ᠡᠬᠢᠯᠡᠪᠡ  ᠸᠠᠩ ᠴᠠᠩ ᠯᠢᠨ  ᠪᠦ᠋ᠦ ᠰᠢᠶᠠᠨ ᠬᠤᠸᠠ  ᠲᠠᠹᠸᠶᠢᠯᠠ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2024/10/21
  10 ᠳ᠋ᠤᠭᠠᠷ ᠰᠠᠷ᠎ᠠ ᠶᠢᠨ 19᠎ ᠤ ᠡᠳᠦᠷ᠂ ᠵᠢᠷᠭᠤᠳᠤᠭᠠᠷ ᠬᠤᠭᠤᠴᠠᠭᠠᠨ ᠤ ᠬᠠᠳᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠤᠯᠠᠨ ᠤᠯᠤᠰ ᠤᠨ ᠶᠠᠷᠢᠶᠠᠨ ᠤ ᠲᠠᠪᠴᠠᠩ ᠬᠥᠬᠡᠬᠤᠲᠠ ᠳᠤ ᠡᠬᠢᠯᠡᠪᠡ᠃  ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠋᠎ᠠ ᠸᠠᠩ ᠴᠠᠩ ᠯᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠦ᠋ᠦ ᠰᠢᠶᠠᠨ ᠬᠤᠸᠠ᠂ ᠳᠤᠮᠳᠠᠳᠤ ᠤᠯᠤᠰ ᠲᠤ ᠰᠠᠭᠤᠭ᠋᠎ᠠ ᠡᠸ᠋ᠽᠢᠤᠫᠢᠶ᠎ᠠ ᠶᠢᠨ ᠡᠯᠴᠢᠨ ᠰᠠᠶᠢᠳ ᠲᠠᠹᠸᠶᠢᠯᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃  ᠲᠤᠰ ᠤᠳᠠᠭ᠋᠎ᠠ ᠶᠢᠨ ᠶᠠᠷᠢᠶᠠᠨ ᠤ ᠲᠠᠪᠴᠠᠩ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠶ᠎ᠠ︾᠎ ᠪᠠᠷ ᠭᠤᠣᠯ ᠰᠡᠳᠦᠪ ᠪᠣᠯᠭᠠᠪᠠ᠃ ᠶᠠᠷᠢᠶᠠᠨ ᠤ ᠲᠠᠪᠴᠠᠩ ᠳᠤ ᠡᠬᠢᠯᠡᠯᠲᠡ ᠶᠢᠨ ᠶᠣᠰᠣᠯᠠᠯ᠂ ᠭᠤᠣᠯ ᠵᠤᠷᠢᠯᠳᠠᠳᠤ ᠶᠠᠷᠢᠶ᠎ᠠ ᠢᠯᠡᠳᠭᠡᠯ ᠪᠣᠯᠤᠨ ᠬᠤᠶᠠᠷ ᠲᠠᠯᠠᠪᠤᠷ ᠵᠡᠷᠭᠡᠴᠡᠭᠡ ᠶᠠᠷᠢᠶᠠᠨ ᠤ ᠲᠠᠪᠴᠠᠩ ᠵᠡᠷᠭᠡ ᠭᠤᠷᠪᠠᠨ ᠠᠭᠤᠯᠭ᠋᠎ᠠ ᠶᠢ ᠪᠠᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 50 ᠭᠠᠷᠤᠢ ᠬᠦᠨᠳᠦᠲᠦ ᠵᠣᠴᠢᠨ ᠲᠥᠯᠥᠭᠡᠯᠡᠭᠴᠢ ᠬᠠᠳᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠲᠣᠭᠤᠷᠢᠨ ᠳᠤ᠂ ᠲᠤᠰ ᠬᠦᠷᠢᠶᠡᠨ ᠤ ᠬᠤᠰᠢᠭᠤᠷᠠᠯ ᠢ ᠬᠤᠪᠢᠶᠠᠯᠴᠠᠵᠤ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢᠶᠠᠨ ᠰᠣᠯᠢᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号