| | | | | ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠵᠠᠷᠤᠳ ᠬᠤᠰᠢᠭᠤᠨ ᠤ ᠰᠠᠯᠪᠤᠷᠢ ᠱᠤᠭᠤᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠲᠤᠰ | ᠰᠣᠨᠢᠨ ᠤ ᠮᠡᠳᠡᠭᠡᠯᠡᠭᠴᠢ ᠰᠦᠨ ᠺᠠᠩ ᠰᠡᠭᠦᠳᠡᠷᠯᠡᠪᠡ᠃ | | ᠲᠡᠭᠷᠢ ᠠᠭᠠᠵᠢᠮ ᠢᠶᠠᠷ ᠬᠦᠢᠲᠡᠷᠡᠵᠦ᠂ ᠥᠪᠥᠷ ᠮᠣᠩᠭᠤᠯ ᠤᠨ ᠴᠤᠤᠯ ᠭᠤᠤᠯ ᠤᠨ ᠤᠰᠤ ᠶᠢ ᠲᠠᠲᠠᠵᠤ ᠯᠢᠶᠣᠤ | ᠾᠧ ᠭᠤᠤᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠩᠯᠢᠶᠣᠤ ᠬᠤᠲᠠ ᠶᠢᠨ ᠵᠠᠷᠤᠳ | ᠬᠤᠰᠢᠭᠤᠨ ᠤ ᠰᠠᠯᠪᠤᠷᠢ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠮᠥᠨ ᠯᠡ | ᠶᠠᠭᠠᠷᠠᠯᠲᠠᠶ ᠪᠠᠶᠢᠯ᠎ᠠ᠃ | ᠠᠵᠢᠯᠴᠢᠨ ᠪᠣᠯᠤᠨ ᠮᠧᠬᠠᠨᠢᠭ ᠤᠨ ᠬᠠᠮᠵᠢᠯᠴᠠᠭ᠎ᠠ ᠳᠣᠣᠷ᠎ᠠ᠂ ᠨᠢᠭᠡᠨ ᠰᠠᠭᠤᠷᠢ PCCP ︵ᠪᠡᠯᠡᠳᠭᠡᠯ | ᠬᠤᠪᠢᠷᠠᠭᠠᠯᠲᠠ ᠶᠢᠨ ᠬᠦᠴᠦᠨ ᠤ ᠪᠣᠯᠣᠳ ᠲᠦᠩᠰᠡ ᠪᠧᠲ᠋ᠣᠨ ᠬᠤᠭᠤᠯᠠᠢ︶ ᠶᠢ ᠲᠣᠭᠲᠠᠭᠤᠨ ᠳᠡᠭᠦᠵᠢᠯᠡᠵᠦ ᠭᠦᠨ | ᠰᠠᠭᠤᠷᠢ ᠶᠢᠨ ᠨᠦᠬᠡᠨ ᠤ ᠬᠤᠩᠭᠢᠯ ᠳᠤ ᠲᠤᠭᠲᠠᠭᠤᠨ ᠢᠶᠠᠷ ᠳᠡᠭᠦᠵᠢᠯᠡᠨ ᠤᠷᠤᠭᠤᠯᠤᠨ᠎ᠠ᠃ ᠪᠦᠲᠦᠭᠡᠨ | ᠪᠠᠶᠢᠭᠤᠯᠤᠭᠴᠢᠳ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ᠂ ᠬᠦᠴᠦ ᠬᠥᠯᠥᠰᠥ ᠪᠠᠨ ᠤᠷᠤᠰᠬᠠᠨ ᠡᠨᠡ | ᠬᠦ ︽ᠭᠠᠵᠠᠷ ᠳᠣᠣᠷᠠᠬᠢ ᠠᠪᠤᠷᠭᠤ ᠯᠤᠤ︾ ᠶᠢ ᠠᠯᠢ ᠲᠦᠷᠭᠡᠨ ᠢᠶᠠᠷ ᠬᠡᠪᠰᠢᠭᠦᠯᠪᠡ᠃ ᠴᠤᠤᠯ ᠭᠤᠣᠯ ᠤᠨ ᠰᠠᠪᠠ | ᠭᠠᠵᠠᠷ ᠤᠨ ᠳᠤᠮᠳᠠ ᠤᠷᠤᠰᠬᠠᠯ ᠤᠨ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠠᠴᠠ ᠡᠮᠦᠨᠡᠰᠢ᠂ ᠡᠨᠡ ᠬᠦ ︽ | ᠭᠠᠵᠠᠷ ᠳᠣᠣᠷᠠᠬᠢ ᠠᠪᠤᠷᠭᠤ ᠯᠤᠤ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ | ᠬᠢᠩᠭᠠᠨ ᠠᠶᠢᠮᠠᠭ ᠪᠠ ᠲᠦᠩᠯᠢᠶᠣᠤ ᠬᠤᠲᠠ ᠶᠢ ᠳᠠᠪᠠᠵᠤ᠂ ᠡᠴᠦᠰ ᠲᠡᠭᠡᠨ ᠪᠠᠷᠠᠭᠤᠨ ᠯᠢᠶᠣᠤ ᠾᠧ ᠭᠤᠣᠯ ᠳᠤ | ᠬᠦᠷᠲᠡᠯ᠎ᠡ ᠦᠷᠭᠦᠯᠵᠢᠯᠡᠵᠦ᠂ ᠵᠠᠮ ᠳᠠᠭᠠᠤ ᠶᠢᠨ ᠬᠤᠲᠠ ᠵᠢᠴᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠭᠦᠢᠴᠡᠳ ᠤᠰᠤᠨ ᠤ ᠡᠬᠢ ᠪᠠᠶᠠᠯᠢᠭ ᠬᠠᠩᠭᠠᠨ᠎ᠠ᠃ | ︽ᠣᠳᠣᠬᠠᠨ ᠳᠤ᠂ ᠵᠠᠷᠤᠳ ᠬᠤᠰᠢᠭᠤᠨ ᠤ ᠰᠠᠯᠪᠤᠷᠢ ᠱᠤᠭᠤᠮ ᠤᠨ ᠬᠤᠭᠤᠯᠠᠶ ᠶᠢ 40 ᠺᠢᠯᠤᠮᠧᠲᠷ | ᠤᠭᠰᠠᠷᠠᠵᠤ᠂ ᠦᠯᠵᠡᠶᠢᠮᠦ᠋ᠷᠡᠨ ᠭᠤᠤᠯ ᠪᠣᠯᠤᠨ ᠥᠨᠳᠥᠷ ᠪᠠᠶᠢᠷᠢᠰᠢᠯ ᠤᠨ ᠤᠰᠤᠨ ᠴᠦᠭᠦᠷᠤᠮ ᠢᠶᠠᠷ ᠥᠩᠭᠡᠷᠡᠬᠦ | ᠠᠵᠢᠯ ᠢ ᠳᠠᠭᠤᠰᠬᠠᠪᠠ᠃ ᠪᠢᠳᠡ ᠣᠳᠣ ᠪᠠᠷᠢᠯᠭ᠎ᠠ ᠶᠢᠨ ᠠᠵᠢᠯ ᠤᠨ ︿ᠰᠢᠵᠢᠷ ᠠᠯᠲᠠᠨ ᠬᠤᠭᠤᠴᠠᠭ᠎ᠠ﹀ ᠶᠢ ᠵᠠᠪᠳᠤᠨ | ᠠᠳᠬᠤᠵᠤ᠂ ᠬᠥᠮᠦᠨ ᠤ ᠬᠦᠴᠦᠨ ᠪᠣᠳᠠᠰ ᠤᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠡᠨᠡ ᠵᠢᠯ ᠪᠥᠬᠦ | ᠱᠤᠭᠤᠮ ᠤᠨ 57 ᠺᠢᠯᠤᠮᠧᠲᠷ ᠬᠤᠭᠤᠯᠠᠶ ᠶᠢᠨ ᠱᠤᠭᠤᠮ ᠤᠨ ᠪᠠᠷᠢᠯᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ | ᠪᠠᠲᠤᠯᠠᠵᠤ᠂ 2025 ᠣᠨ ᠤ 6 ᠳ᠋ᠤᠭᠠᠷ ᠰᠠᠷ᠎ᠠ ᠶᠢᠨ 30 ᠤ ᠡᠳᠦᠷ ᠤᠰᠤ ᠨᠡᠪᠲᠡᠷᠡᠭᠦᠯᠬᠦ ᠪᠠᠷ ᠴᠢᠷᠮᠠᠶᠢᠨ᠎ᠠ︾ | ᠭᠡᠵᠦ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠵᠠᠷᠤᠳ ᠬᠤᠰᠢᠭᠤᠨ ᠤ ᠰᠠᠯᠪᠤᠷᠢ ᠱᠤᠭᠤᠮ ᠤᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠲᠦᠷᠦᠯ | ᠵᠦᠢᠯ ᠤᠨ ᠬᠡᠯᠲᠡᠰ ᠤᠨ ᠲᠦᠷᠦᠯ ᠵᠦᠢᠯ ᠤᠨ ᠳᠠᠭᠠᠭᠠᠮᠠᠯ ᠮᠠ ᠯᠢᠶᠠᠨ ᠹᠦ᠋ ᠲᠠᠨᠢᠯᠴᠠᠭᠤᠯᠪᠠ᠃ | ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠵᠠᠷᠤᠳ ᠬᠤᠰᠢᠭᠤᠨ ᠤ ᠰᠠᠯᠪᠤᠷᠢ ᠱᠤᠭᠤᠮ ᠤᠨ ᠪᠦᠬᠦ ᠣᠷᠳᠣ ᠨᠢ 57.22 ᠺᠢᠯᠤᠮᠧᠲᠷ ᠪᠠᠶᠢᠵᠤ᠂ | ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠤᠨ ᠤᠰᠤ ᠲᠠᠲᠠᠬᠤ ᠬᠡᠮᠵᠢᠶ᠎ᠡ 8900 ᠲᠦᠮᠡᠨ ᠪᠣᠰᠤᠭ᠎ᠠ | ᠳᠥᠷᠪᠡᠯᠵᠢᠨ ᠮᠧᠲᠷ ᠲᠤ ᠬᠦᠷᠴᠦ᠂ ᠯᠦᠪᠸᠢ ᠪᠠᠯᠭᠠᠰᠤ ᠵᠢᠴᠢ ᠵᠠᠷᠤᠳ ᠬᠤᠰᠢᠭᠤᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠭᠦᠢᠴᠡᠳ ᠤᠰᠤ ᠬᠡᠷᠡᠭᠯᠡᠭᠦᠯᠦᠨ᠎ᠡ᠃ ᠳᠥᠷᠪᠡᠳᠦᠭᠡᠷ ᠤᠯᠠᠷᠢᠯ ᠪᠣᠯ ᠲᠥᠷᠥᠯ ᠵᠦᠢᠯ ᠤᠨ | ᠪᠠᠷᠢᠯᠭ᠎ᠠ ᠶᠢᠨ ᠰᠢᠪᠲᠤᠯᠤᠯᠲᠠ ᠶᠢᠨ ᠬᠤᠭᠤᠴᠠᠭ᠎ᠠ ᠪᠣᠯᠤᠨ᠎ᠠ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ | ᠨᠢᠭᠡᠴᠢ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠱᠤᠭᠤᠮ ᠢ ᠴᠢᠩᠭ᠎ᠠ ᠰᠠᠬᠢᠵᠤ᠂ | ᠵᠦᠶ ᠵᠣᠬᠢᠰᠲᠠᠶ ᠠᠷᠭ᠎ᠠ ᠰᠦᠪᠡᠭᠴᠢᠯᠡᠵᠦ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠥᠷᠥᠯ ᠵᠦᠢᠯ ᠤᠨ | ᠲᠣᠭᠲᠠᠭᠤᠨ ᠠᠮᠤᠷ ᠲᠦᠪᠰᠢᠨ᠂ ᠴᠢᠨᠠᠷ ᠰᠠᠶᠢᠲᠠᠶ ᠳᠥᠯᠭᠢᠨ ᠠᠬᠢᠭᠤᠯᠬᠤ ᠶᠢ ᠦᠨᠡᠨ ᠬᠦ ᠪᠠᠲᠤᠯᠠᠨ᠎ᠠ᠃ | ︽ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠢᠵᠢ | ᠪᠦᠷᠢᠳᠦᠭᠰᠡᠨ ᠰᠠᠯᠪᠤᠷᠢ ᠱᠤᠭᠤᠮ ᠤᠨ ᠢᠨᠵᠧᠨᠧᠷᠢᠩ ᠪᠣᠯᠤᠭᠰᠠᠨ ᠤ ᠬᠤᠪᠢ ᠳᠤ᠂ ᠴᠤᠤᠯ ᠭᠤᠣᠯ ᠤᠨ ᠤᠰᠤ ᠶᠢ | ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠳᠤ ᠨᠡᠶᠢᠲᠡ 9 | ᠰᠠᠯᠪᠤᠷᠢ ᠱᠤᠭᠤᠮ ᠵᠢᠷᠤᠵᠤ ᠲᠥᠯᠥᠪᠯᠡᠨ᠂ ᠤᠰᠤ ᠳᠠᠮᠵᠢᠭᠤᠯᠬᠤ ᠬᠤᠭᠤᠯᠠᠢ ᠶᠢᠨ ᠶᠡᠷᠦᠩᠬᠡᠢ ᠣᠷᠳᠣ ᠨᠢ 395. | 265 ᠺᠢᠯᠤᠮᠧᠲᠷ ᠪᠠᠶᠢᠳᠠᠭ᠃ ᠡᠭᠦᠨ ᠳᠤ᠂ ᠲᠦᠩᠯᠢᠶᠣᠤ ᠶᠢᠨ ᠬᠡᠰᠡᠭ ᠲᠤ ᠨᠡᠶᠢᠲᠡ 5 ᠰᠠᠯᠪᠤᠷᠢ ᠱᠤᠭᠤᠮ ᠲᠠᠢ᠂ | ᠤᠰᠤ ᠳᠠᠮᠵᠢᠭᠤᠯᠬᠤ ᠱᠤᠭᠤᠮ ᠤᠨ ᠶᠡᠷᠦᠩᠬᠡᠶ ᠣᠷᠳᠣ ᠨᠢ 261.27 ᠺᠢᠯᠤᠮᠧᠲᠷ ᠪᠠᠶᠢᠵᠤ᠂ ᠣᠲᠣ ᠪᠣᠯᠲᠠᠯ᠎ᠠ | ᠨᠢᠭᠡᠨᠲᠡ 225 ᠺᠢᠯᠤᠮᠧᠲᠷ ᠪᠡᠶᠡᠯᠡᠭᠦᠯᠵᠦ᠂ ᠶᠡᠷᠦᠩᠬᠡᠶ ᠬᠡᠮᠵᠢᠶᠡᠨ ᠤ 86% ᠶᠢ ᠪᠡᠶᠡᠯᠡᠭᠦᠯᠪᠡ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ ᠲᠦᠩᠯᠢᠶᠣᠤ ᠬᠤᠲᠠ ᠵᠦᠭ 2.87 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠤᠰᠤ ᠲᠠᠲᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠠᠷᠠᠭᠤᠨ | ᠯᠢᠶᠣᠤ ᠾᠧ ᠭᠤᠤᠯ ᠤᠨ ᠰᠠᠪᠠ ᠭᠠᠵᠠᠷ ᠲᠤ ᠬᠦᠨᠳᠦ ᠨᠣᠴᠢᠲᠠᠶ ᠤᠰᠤ ᠳᠤᠲᠠᠭᠳᠠᠵᠤ ᠪᠠᠶᠢᠭ᠎ᠠ ᠪᠠᠶᠢᠳᠠᠯ ᠢ | ᠪᠦᠲᠦᠮᠵᠢᠲᠡᠶ ᠨᠠᠮᠳᠠᠭᠤᠯᠵᠤ᠂ ᠵᠠᠮ ᠳᠠᠭᠠᠤ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠤᠰᠤ | ᠬᠡᠷᠡᠭᠯᠡᠬᠦ ᠨᠥᠬᠦᠴᠡᠯ ᠢ ᠰᠠᠶᠢᠵᠢᠷᠠᠭᠤᠯᠤᠨ᠎ᠠ︾ ᠭᠡᠵᠦ ᠥᠪᠥᠷ ᠮᠣᠩᠭᠤᠯ ᠤᠨ ᠮᠧᠩ ᠳ᠋ᠦᠩ ᠤᠰᠤᠨ ᠤ ᠶᠠᠪᠤᠳᠠᠯ ᠤᠨ | ᠬᠢᠵᠠᠭᠠᠷᠲᠤ ᠺᠣᠮᠫᠠᠨᠢ ᠶᠢᠨ ᠲᠦᠩᠯᠢᠶᠣᠤ ᠶᠢᠨ ᠬᠡᠰᠡᠭ ᠤᠨ ᠲᠥᠷᠥᠯ ᠵᠦᠢᠯ ᠤᠨ ᠬᠠᠷᠢᠭᠤᠴᠠᠯᠭᠠᠲᠠᠨ ᠵᠠᠩ ᠬᠠᠶ ᠪᠥᠸᠧ | ᠬᠡᠯᠡᠪᠡ᠃ | ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ︶ | |