ᠥᠪᠥᠷ ᠮᠣᠩᠭᠤᠯ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/10/25
  ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠶᠡᠬᠡᠪᠡᠷ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠤ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ 374.96 ᠲᠦᠮᠡᠨ ᠮᠥ ᠳᠤ ᠬᠦᠷᠴᠦ᠂ 2016 ᠣᠨ ᠠᠴᠠ ᠡᠬᠢᠯᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ ᠨᠡᠶᠢᠲᠡ 4968.83 ᠲᠦᠮᠡᠨ ᠮᠥ᠂ ᠶᠡᠷᠦᠩᠬᠡᠶ ᠡᠭᠦᠷᠭᠡ ᠶᠢ ᠡᠵᠡᠯᠡᠬᠦ 104.7%᠎ ᠳᠤ ᠬᠦᠷᠴᠦ᠂ ᠤᠯᠤᠰ ᠤᠨ ᠱᠠᠭᠠᠷᠳᠠᠯᠭ᠎ᠠ ᠠᠴᠠ 1 ᠵᠢᠯ ᠤᠨ ᠡᠮᠦᠨ᠎ᠡ ᠥᠭᠡᠷᠡᠴᠢᠯᠡᠯᠲᠡ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠬᠤᠲᠠ ᠲᠣᠭᠤᠷᠢᠭ ᠲᠤ ᠴᠥᠮ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ᠂ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠯ᠂ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠳᠥᠷᠪᠡᠨ ᠵᠦᠢᠯ ᠤᠨ ᠲᠣᠭᠲᠠᠴᠠ ᠶᠢ ᠪᠠᠶᠢᠭᠤᠯᠪᠠ᠃ 2025 ᠣᠨ ᠳᠤ᠂ ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠᠬᠢᠵᠢᠨ ᠳᠡᠭᠡᠭᠰᠢᠯᠡᠬᠦ ᠱᠠᠲᠤᠨ ᠳᠤ ᠣᠷᠣᠬᠤ ᠪᠣᠯᠤᠨ᠎ᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号