10 ᠳ᠋ᠤᠭᠠᠷ ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠪᠥᠬᠦ ᠣᠷᠣᠨ ᠤ ᠵᠢᠯ ᠤᠨ ᠳᠣᠲᠣᠷ᠎ᠠ | ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ | 374.96 ᠲᠦᠮᠡᠨ ᠮᠥ ᠪᠣᠯᠵᠣ᠂ 2016 ᠣᠨ ᠠᠴᠠ ᠡᠬᠢᠯᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ | ᠨᠡᠶᠢᠲᠡ 4968.83 ᠲᠦᠮᠡᠨ ᠮᠥ ᠳᠤ ᠬᠦᠷᠴᠦ᠂ ᠶᠡᠷᠦᠩᠬᠡᠶ ᠡᠭᠦᠷᠭᠡ ᠶᠢᠨ 104.7% ᠶᠢ ᠡᠵᠡᠯᠡᠵᠦ᠂ | ᠤᠯᠤᠰ ᠤᠨ ᠱᠠᠭᠠᠷᠳᠠᠯᠭ᠎ᠠ ᠠᠴᠠ 1 ᠵᠢᠯ ᠤᠷᠢᠳᠴᠢᠯᠠᠨ ᠥᠭᠡᠷᠡᠴᠢᠯᠡᠯᠲᠡ ᠶᠢᠨ ᠡᠭᠦᠷᠭᠡ ᠪᠠᠨ ᠳᠠᠪᠠᠭᠤᠯᠤᠨ | ᠪᠡᠶᠡᠯᠡᠭᠦᠯᠬᠦ ᠪᠠᠷ ᠱᠠᠭᠠᠷᠳᠠᠪᠠ᠃ | ᠥᠪᠥᠷ ᠮᠣᠩᠭᠤᠯ ᠪᠣᠯ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠣᠷᠣᠨ ᠪᠣᠯᠬᠤ | ᠪᠥᠭᠡᠳ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ ᠨᠢ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠶᠢᠨ 60% ᠠᠴᠠ ᠳᠡᠭᠡᠭᠰᠢᠬᠢ ᠶᠢ ᠡᠵᠡᠯᠡᠵᠦ ᠪᠤᠶ᠃ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ | ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ᠂ ᠲᠠᠷᠢᠶᠠᠯᠠᠩ ᠤᠨ ᠤᠰᠤ ᠬᠡᠷᠡᠭᠯᠡᠬᠦ ᠲᠠᠯ᠎ᠠ ᠪᠠᠷ ᠪᠦᠳᠦᠭᠦᠯᠢᠭ | ᠪᠥᠭᠡᠳ ᠳᠣᠣᠷ᠎ᠠ ᠦᠷ᠎ᠡ ᠠᠰᠢᠭ ᠠᠴᠠ ᠠᠷᠪᠢᠲᠠᠢ ᠡᠷᠴᠢᠮᠯᠢᠭ ᠲᠡᠶᠢᠰᠢ ᠬᠤᠪᠢᠷᠠᠭᠤᠯᠬᠤ ᠶᠢ ᠠᠬᠢᠭᠤᠯᠪᠠ᠃ | ᠣᠶᠢᠯᠠᠭᠠᠭᠰᠠᠨ ᠢᠶᠠᠷ᠂ 2024 ᠣᠨ ᠠᠴᠠ ᠨᠠᠭᠠᠰᠢ᠂ ᠥᠪᠥᠷ ᠮᠣᠩᠭᠤᠯ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠬᠦ ᠪᠠ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠵᠠᠩᠭᠢᠯᠠᠭ᠎ᠠ ᠶᠢᠨ | ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ | ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠶᠡᠭᠡ ᠪᠠᠷ ᠳᠥᠯᠭᠢᠨ ᠠᠬᠢᠭᠤᠯᠪᠠ᠃ ᠣᠳᠣᠬᠠᠨ ᠳᠤ᠂ | ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠬᠤᠲᠠ ᠲᠣᠭᠤᠷᠢᠭ ᠲᠤ ᠴᠥᠮ ᠲᠠᠷᠢᠶᠠᠯᠠᠩ ᠳᠤ | ᠬᠡᠷᠡᠭᠯᠡᠬᠦ ᠤᠰᠤᠨ ᠤ ᠬᠠᠮᠢᠶᠠᠷᠤᠯᠲᠠ᠂ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠯ᠂ ᠨᠠᠷᠢᠯᠢᠭ ᠣᠨᠣᠴᠠᠲᠠᠶ | ᠨᠥᠬᠦᠪᠥᠷᠢ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ | ᠬᠠᠮᠠᠭᠠᠯᠠᠬᠤ 4 ᠵᠦᠢᠯ ᠤᠨ ᠲᠣᠭᠲᠠᠴᠠ ᠶᠢ ᠪᠠᠶᠢᠭᠤᠯᠪᠠ᠃ 2025 ᠣᠨ ᠳᠤ᠂ ᠪᠥᠬᠦ ᠣᠷᠣᠨ ᠤ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠᠬᠢᠵᠢᠨ ᠳᠡᠭᠡᠭᠰᠢᠯᠡᠬᠦ ᠱᠠᠲᠤᠨ ᠳᠤ ᠣᠷᠣᠬᠤ | ᠪᠣᠯᠤᠨ᠎ᠠ᠃ | |