ᠲᠦᠷᠦᠭᠦᠤ ᠭᠤᠷᠪᠠᠨ ᠤᠯᠠᠷᠢᠯ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2024/10/26
  ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠄ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠤᠨ ᠲᠡᠷᠢᠭᠦᠨ ᠳᠤ ᠣᠷᠣᠪᠠ᠃  ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ 9.5 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 — 8 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ ᠨᠢᠭᠡᠴᠢ ᠲᠦᠷᠭᠡᠳᠪᠡ᠃ ᠡᠭᠦᠨ ᠳᠤ᠂ 9 ᠳ᠋ᠦ᠋ᠭᠡᠷ ᠰᠠᠷ᠎ᠠ ᠳᠤ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ 1.09 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7%᠎ ᠪᠠᠷ ᠨᠡᠮᠡᠭᠳᠡᠪᠡ᠃ ᠭᠤᠤᠯ ᠭᠠᠷᠤᠯᠲᠠ ᠶᠢᠨ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠣᠷᠳᠣᠰ ᠬᠤᠳᠠ᠂ ᠰᠢᠯᠢ ᠶᠢᠨ ᠭᠤᠤᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ ᠨᠡᠶᠢᠯᠡᠭᠡᠳ ᠠᠳᠠᠯᠢ ᠬᠤᠭᠤᠴᠠᠭᠠᠨ ᠤ ᠪᠦᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ 79.9%᠎ ᠶᠢ ᠡᠵᠡᠯᠡᠵᠦ᠂ ᠠᠳᠠᠯᠢ ᠬᠤᠭᠤᠴᠠᠭᠠᠨ ᠤ ᠪᠦᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢ 4.5 ᠵᠠᠭᠤᠨ ᠤ ᠴᠡᠭ ᠨᠡᠮᠡᠭᠳᠡᠭᠦᠯᠬᠦ ᠪᠠᠷ ᠳᠠᠶᠢᠴᠢᠯᠠᠪᠠ᠃ ᠡᠭᠦᠨ ᠳᠤ᠂ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 6.52 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ 1.07 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8%᠎ ᠪᠠᠷ       ᠨᠡᠮᠡᠭᠳᠡᠪᠡ᠃  ᠴᠠᠬᠢᠯᠭᠠᠨ ᠭᠠᠷᠭᠠᠬᠤ ᠬᠡᠮᠵᠢᠶ᠎ᠡ ᠠᠴᠠ ᠦᠵᠡᠪᠡᠯ᠂ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6%᠎ ᠪᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 13470 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5%᠎ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠪᠥᠬᠦ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠤᠨ ᠬᠤᠷᠳᠤᠴᠠ ᠠᠴᠠ 13.9 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.9% ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 230.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.9% ᠨᠡᠮᠡᠭᠳᠡᠪᠡ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号