ᠬᠢᠩᠭᠠᠨ ᠠᠶᠢᠮᠠᠭ ᠤᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/10/29
  2024 ᠣᠨ ᠳᠤ᠂ ᠬᠢᠩᠭᠠᠨ ᠠᠶᠢᠮᠠᠭ ᠵᠡᠭᠦᠨ ᠬᠤᠶᠢᠲᠤ ᠶᠢᠨ ᠬᠠᠷ᠎ᠠ ᠬᠦᠷᠦᠰᠦᠲᠦ ᠣᠷᠣᠨ ᠤ ᠢᠳᠡᠭᠳᠡᠯ ᠭᠤᠤ ᠶᠢ ᠵᠠᠰᠠᠬᠤ ᠤᠯᠤᠰ ᠤᠨ ᠵᠢᠭᠡᠯᠡᠯᠭᠡ ᠶᠢᠨ 1254 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 5.64 ᠳ᠋ᠦᠩᠰᠢᠭᠤᠷ ᠲᠥᠭᠦᠷᠢᠭ ︵ᠡᠭᠦᠨ ᠳᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ 4.44 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ 1.2 ᠳ᠋ᠦᠩᠰᠢᠭᠤᠷ ᠲᠥᠭᠦᠷᠢᠭ︶᠎ ᠢ ᠬᠡᠷᠡᠭᠵᠢᠭᠦᠯᠪᠡ᠃ 10 ᠳ᠋ᠤᠭᠠᠷ ᠰᠠᠷ᠎ᠠ ᠶᠢᠨ 24᠎ ᠤ ᠡᠳᠦᠷ ᠪᠣᠯᠲᠠᠯ᠎ᠠ᠂ ᠨᠡᠶᠢᠲᠡ 3.95 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 70 %᠎ ᠳᠤ ᠬᠦᠷᠪᠡ︔ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ 3.57 ᠳ᠋ᠦᠩᠰᠢᠭᠤᠷ ᠲᠥᠭᠦᠷᠢᠭ ᠥᠭᠴᠦ᠂ ᠵᠠᠷᠤᠴᠠᠭᠤᠯᠤᠭᠰᠠᠨ ᠨᠣᠷᠮ᠎ᠠ ᠨᠢ 80.4 %᠎ ᠳᠤ ᠬᠦᠷᠴᠦ᠂ ᠱᠠᠲᠤ ᠦᠶ᠎ᠡ ᠶᠢᠨ ᠬᠠᠷᠠᠯᠲᠠ ᠡᠭᠦᠷᠭᠡ ᠶᠢ ᠤᠷᠤᠭᠰᠢᠲᠠᠶ ᠪᠡᠶᠡᠯᠡᠭᠦᠯᠪᠡ᠃ ᠬᠢᠩᠭᠠᠨ ᠠᠶᠢᠮᠠᠭ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃  ᠨᠢᠭᠡ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠦᠪᠡ᠃ ᠨᠢᠭᠡ ᠳᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ ᠠᠬᠢᠭᠤᠯᠪᠠ᠃ 2024 ᠣᠨ ᠤ ᠡᠬᠢ ᠪᠠᠷ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠭᠤᠤ ᠶᠢ ᠵᠠᠰᠠᠬᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ ᠢᠳᠡᠭᠳᠡᠯ ᠭᠤᠤ ᠶᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠪᠠ ᠲᠦᠭᠵᠢᠷᠡᠯ ᠠᠰᠠᠭᠤᠳᠠᠯ ᠢ ᠬᠦᠴᠦᠯᠡᠨ ᠵᠣᠬᠢᠴᠠᠭᠤᠯᠤᠨ ᠰᠢᠢᠳᠪᠦᠷᠢᠯᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ ᠬᠤᠶᠠᠷ ᠲᠤ᠂ ︽ᠠᠵᠢᠯ ᠤᠨ ᠰᠠᠨᠠᠭᠤᠯᠤᠮᠵᠢ︾᠎ ᠶᠢᠨ ᠲᠣᠭᠲᠠᠴᠠ ᠶᠢ ᠪᠠᠶᠢᠭᠤᠯᠪᠠ᠃ ᠤᠰᠤᠨ ᠠᠰᠢᠭᠯᠠᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠠᠵᠢᠯ ᠤᠨ ᠵᠢᠯᠣᠭᠤᠳᠬᠤ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠠᠶᠢᠮᠠᠭ ᠤᠨ ᠢᠳᠡᠭᠳᠡᠯ ᠭᠤᠤ ᠶᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠲᠥᠷᠥᠯ ᠵᠦᠢᠯ ᠤᠨ ᠬᠤᠰᠢᠭᠤ ᠰᠢᠶᠠᠨ ᠬᠤᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭ ᠲᠤᠬᠠᠶ ᠳᠤᠨᠢ ᠤᠷᠢᠳᠴᠢᠯᠠᠨ ᠪᠠᠶᠢᠷᠢᠯᠠᠭᠤᠯᠬᠤ ᠪᠠ ᠰᠠᠨᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠪᠠ ᠬᠡᠷᠡᠭᠵᠢᠭᠦᠯᠬᠦ ᠶᠠᠪᠤᠴᠠ ᠶᠢ ᠮᠥᠷᠳᠡᠨ ᠬᠢᠨᠠᠨ ᠵᠢᠯᠣᠭᠤᠳᠴᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ︽ᠨᠢᠭᠡ ᠰᠢᠶᠠᠨ ᠳᠤ ᠨᠢᠭᠡ ᠳᠠᠩᠰᠠ︾᠎ ᠶᠢᠨ ᠬᠡᠯᠪᠡᠷᠢ ᠪᠠᠷ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠬᠤᠲᠠ ᠳᠤ ᠬᠠᠷᠢᠭᠤ ᠲᠤᠰᠬᠠᠵᠤ᠂ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠭᠤᠷᠪᠠ ᠳᠤ᠂ ︽ᠲᠦᠷᠪᠡ ᠦᠭᠡᠢ ᠬᠤᠶᠠᠷ ᠰᠢᠭᠤᠳ︾ ᠬᠢᠨᠠᠨ ᠪᠠᠶᠢᠴᠠᠭᠠᠯᠲᠠ ᠶᠢ ᠦᠷᠨᠢᠭᠦᠯᠪᠡ᠃ ᠢᠳᠡᠭᠳᠡᠯ ᠤᠨ ᠭᠤᠤ ᠶᠢ ᠵᠠᠰᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ᠂ ᠪᠡᠯᠡ ᠮᠥᠩᠭᠦ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠳᠤ ᠪᠦᠬᠦᠨ ᠢ ᠬᠢᠨᠠᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠠᠰᠠᠭᠤᠳᠠᠯ ᠤᠨ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠬᠢᠭᠡᠳ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠶᠢ ᠬᠢᠨᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠦᠨᠳᠦ ᠨᠣᠴᠢᠲᠠᠶ ᠠᠰᠠᠭᠤᠳᠠᠯ ᠢ ᠨᠡᠷᠡᠯᠡᠨ ᠵᠢᠭᠠᠵᠤ ᠬᠢᠨᠠᠨ ᠪᠠᠶᠢᠴᠠᠭᠠᠵᠤ ᠰᠢᠢᠳᠪᠦᠷᠢᠯᠡᠪᠡ᠃
侵蚀沟治理项目1.png
  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠤᠰᠤᠨ ᠴᠥᠭᠦᠷᠥᠮ ᠤᠨ ᠲᠥᠷᠥᠯ ᠵᠦᠢᠯ ᠤᠨ ᠣᠷᠣᠨ  ᠬᠤᠶᠠᠷ᠂ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠴᠢᠩᠭᠠᠳᠬᠠᠪᠠ᠃ ᠨᠢᠭᠡ ᠳᠤ᠂ ᠬᠠᠷᠢᠭᠤᠴᠠᠯᠭ᠎ᠠ ᠶᠢ ᠪᠤᠲᠠᠲᠠᠶᠢᠵᠢᠭᠤᠯᠪᠠ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠵᠢᠴᠢ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠭᠴᠤᠭ᠎ᠠ ᠶᠢᠨ ᠬᠠᠮᠢᠶᠠᠷᠤᠯᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠪᠠ ᠶᠠᠰᠤ ᠴᠢᠨᠠᠷ ᠤᠨ ᠬᠠᠮᠢᠶᠠᠷᠤᠯᠲᠠ ᠶᠢ ᠦᠨᠡᠨ ᠬᠦ ᠨᠠᠶᠢᠳᠠᠪᠤᠷᠢᠵᠢᠭᠤᠯᠪᠠ᠃ ᠬᠤᠶᠠᠷ ᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠪᠠ᠃ ᠭᠠᠷᠠᠭ ᠤᠨ ᠮᠡᠳᠡᠭᠦᠯᠬᠦ ᠬᠦᠰᠦᠨᠦᠭᠲᠦ᠂ ᠰᠠᠷ᠎ᠠ ᠶᠢᠨ ᠮᠡᠳᠡᠭᠦᠯᠦᠯᠲᠡ᠂ ᠤᠯᠠᠷᠢᠯ ᠤᠨ ᠲᠣᠬᠢᠷᠠᠭᠤᠯᠬᠤ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠦᠨ᠎ᠡ᠃  ᠠᠬᠢᠴᠠ ᠨᠢ ᠤᠳᠠᠭᠠᠨ ᠪᠠᠶᠢᠭ᠎ᠠ ᠲᠥᠷᠥᠯ ᠵᠦᠢᠯ ᠢ ᠬᠠᠮᠢᠶ᠎ᠠ ᠪᠦᠬᠦᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠬᠡᠷᠡᠭᠲᠡᠶ᠃ ᠡᠭᠦᠨ ᠤ ᠬᠠᠮᠲᠤ᠂ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ ᠪᠠᠯᠠ ᠮᠥᠩᠭᠦ ᠥᠭᠭᠦᠭᠰᠡᠨ ᠪᠠᠶᠢᠳᠠᠯ ᠢ ᠵᠠᠬᠢᠷᠭ᠎ᠠ ᠶᠢᠨ ᠬᠤᠪᠢᠳᠠᠨ ᠬᠠᠮᠢᠶᠠᠷᠴᠤ ᠪᠥᠬᠦᠶ ᠠᠶᠢᠮᠠᠭ ᠤᠨ ᠳᠠᠷᠤᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ᠂ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠪᠡ᠃ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠲᠥᠷᠥᠯ ᠵᠦᠢᠯ ᠤᠨ ᠪᠠᠶᠢᠭ᠎ᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠲᠠᠲᠠᠪᠤᠷᠢᠯᠠᠨ ᠡᠵᠡᠯᠡᠬᠦ ᠭᠠᠵᠠᠷ᠂ ᠴᠢᠯᠠᠭᠤᠨ ᠬᠡᠰᠡᠭ ᠤᠨ ᠡᠳ᠋ ᠮᠠᠲ᠋ᠧᠷᠢᠶᠠᠯ ᠲᠡᠭᠡᠭᠡᠪᠦᠷᠢᠯᠡᠬᠦ ᠵᠡᠷᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠤᠯᠤᠰ ᠤᠨ ᠵᠢᠭᠡᠯᠡᠯᠭᠡ ᠶᠢᠨ ᠢᠳᠡᠭᠳᠡᠭᠰᠡᠨ ᠭᠤᠤ ᠶᠢᠨ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠦᠨᠡᠨ ᠬᠦ ᠪᠠᠲᠤᠯᠠᠪᠠ᠃
侵蚀沟治理项目2.png
  ᠤᠯᠠᠭᠠᠨᠬᠤᠲᠠ ᠶᠢᠨ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠰᠢᠶᠤᠤ ᠾᠧ ᠵᠢᠶᠠ ᠭᠸᠦ ᠶᠢᠨ ᠲᠥᠷᠥᠯ ᠵᠦᠢᠯ ᠤᠨ ᠤᠷᠤᠨ  ᠭᠤᠷᠪᠠ᠂ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠪᠠ᠃ ᠨᠢᠭᠡ ᠳᠤ᠂ ᠡᠳᠦᠷ ᠲᠤᠲᠤᠮ ᠤᠨ ᠬᠢᠨᠠᠯᠲᠠ ᠲᠠᠯᠪᠢᠪᠠ᠃ ᠨᠠᠶᠢᠷᠠᠭᠤᠯᠤᠨ ᠲᠠᠷᠬᠠᠭᠠᠭᠰᠠᠨ ︽ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ 25 ᠵᠦᠢᠯ ᠤᠨ ᠠᠷᠭ᠎ᠠ ᠬᠡᠮᠵᠢᠶ᠎ᠡ︾᠎ ᠶᠢ ᠦᠨᠳᠦᠰᠦᠯᠡᠨ᠂ ᠲᠥᠷᠥᠯ ᠵᠦᠢᠯ ᠤᠨ ᠠᠬᠢᠴᠠ ᠶᠢᠨ ᠡᠬᠡ ᠲᠠᠩᠰᠠ ᠶᠢ ᠪᠠᠶᠢᠭᠤᠯᠵᠤ᠂ ᠡᠯ᠎ᠡ ᠴᠠᠭ ᠤᠨ ᠵᠠᠩᠭᠢᠯᠠᠭ᠎ᠠ ᠶᠢᠨ ᠴᠡᠭ ᠤᠨ ᠡᠭᠦᠷᠭᠡ ᠶᠢᠨ ᠨᠠᠷᠢᠨ ᠬᠠᠭᠤᠳᠠᠰᠤ ᠬᠢᠭᠡᠳ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠨ᠂ ᠲᠥᠷᠥᠯ ᠵᠦᠢᠯ ᠳᠤ ᠣᠷᠣᠰᠢᠵᠤ ᠪᠠᠶᠢᠭ᠎ᠠ ᠠᠬᠢᠴᠠ ᠪᠠᠷ ᠬᠤᠴᠣᠷᠤᠩᠭᠤᠶ ᠲᠦᠭᠰᠢᠭᠦᠷᠢ ᠶᠢᠨ ᠴᠡᠭ ᠢ ᠴᠠᠭ ᠲᠤᠬᠠᠶ ᠳᠤᠨᠢ ᠵᠢᠭᠠᠨ ᠭᠠᠷᠭᠠᠵᠤ᠂ ᠰᠠᠨᠠᠭᠤᠯᠬᠤ ᠶᠢ ᠴᠠᠭ ᠲᠤᠬᠠᠶ ᠳᠤᠨᠢ ᠵᠢᠭᠠᠨ ᠭᠠᠷᠭᠠᠬᠤ ᠶᠢᠨ ᠬᠠᠮᠲᠤ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠤᠶᠠᠷ ᠲᠤ᠂ ᠲᠤᠬᠠᠶ ᠶᠢᠨ ᠭᠠᠵᠠᠷ ᠲᠤᠨᠢ ᠵᠢᠭᠠᠨ ᠵᠢᠯᠤᠭᠤᠳᠤᠪᠠ᠃ ᠠᠶᠢᠮᠠᠭ ᠬᠤᠰᠢᠭᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠤᠳᠤᠷᠢᠳᠤᠯᠭ᠎ᠠ ᠲᠤᠰᠬᠠᠶ ᠮᠡᠷᠭᠡᠵᠢᠯ ᠤᠨ ᠠᠵᠢᠯᠲᠠᠨ ᠢ ᠳᠠᠭᠠᠭᠤᠯᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠪᠠᠶᠢᠩᠭᠤ ᠶᠢᠨ ᠴᠢᠨᠠᠷᠲᠠᠶ ᠪᠠᠷ ᠭᠦᠨᠵᠡᠭᠡᠶᠢᠷᠡᠵᠦ᠂ ᠵᠢᠷᠤᠭ ᠲᠥᠯᠥᠪᠯᠡᠭᠡ ᠶᠢᠨ ᠬᠤᠪᠢᠷᠠᠭᠤᠯᠤᠯᠲᠠ ᠶᠢ ᠵᠢᠭᠠᠨ ᠵᠢᠯᠣᠭᠤᠳᠴᠤ᠂ ᠵᠢᠷᠤᠭ ᠲᠥᠯᠥᠪᠯᠡᠭᠡ ᠶᠢᠨ ᠲᠥᠰᠦᠯ ᠢ ᠰᠢᠯᠢᠳᠡᠭᠵᠢᠭᠦᠯᠦᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ᠡᠭᠦᠨ ᠤ ᠬᠠᠮᠲᠤ᠂ ᠴᠠᠭ ᠤᠨ ᠳᠠᠷᠠᠭᠠᠯᠠᠯ ᠤᠨ ᠠᠬᠢᠴᠠ᠂ ᠢᠨᠵᠧᠨᠧᠷᠢᠩ ᠤᠨ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠬᠠᠷᠢᠭᠤᠴᠠᠯᠭ᠎ᠠ ᠪᠣᠯᠤᠨ ᠳᠠᠷᠤᠯᠲᠠ ᠶᠢ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠵᠢᠷᠤᠵᠤ ᠲᠥᠯᠥᠪᠯᠡᠬᠦ ᠵᠡᠷᠭᠡ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠢ ᠵᠢᠴᠢ ᠠᠵᠢᠯᠲᠠᠨ ᠳᠤ ᠱᠠᠲᠤ ᠱᠠᠲᠤ ᠪᠠᠷ ᠳᠠᠮᠵᠢᠭᠤᠯᠬᠤ ᠬᠡᠷᠡᠭᠲᠡᠶ᠃ ᠭᠤᠷᠪᠠ ᠳᠤ᠂ ᠰᠠᠬᠢᠯᠭ᠎ᠠ ᠪᠠᠲᠤ ᠪᠠᠶᠢᠴᠠᠭᠠᠬᠤ ᠪᠦᠬᠦ ᠶᠠᠪᠤᠴᠠ ᠳᠤ ᠤᠷᠤᠯᠴᠠᠪᠠ᠃ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠯᠤᠰ ᠤᠨ ᠵᠢᠭᠡᠯᠡᠯᠭᠡ ᠶᠢᠨ ᠭᠤᠤ ᠰᠤᠪᠠᠭ ᠤᠨ ᠲᠥᠷᠥᠯ ᠵᠦᠢᠯ ᠤᠨ ᠠᠬᠢᠴᠠ ᠶᠢ ᠪᠥᠬᠦ ᠶᠠᠪᠤᠴᠠ ᠳᠤ ᠮᠥᠷᠳᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ       ᠭᠦᠨᠵᠡᠭᠡᠶᠢᠷᠡᠨ᠂ ᠠᠬᠢᠴᠠ ᠶᠢᠨ ᠬᠤᠴᠣᠷᠤᠩᠭᠤᠶ ᠪᠠ ᠪᠠᠯᠠ ᠮᠥᠩᠭᠦ ᠪᠠᠭᠤᠯᠭᠠᠬᠤ ᠳᠤ ᠤᠳᠠᠭᠠᠨ ᠪᠠᠶᠢᠭ᠎ᠠ ᠬᠤᠰᠢᠭᠤ ᠰᠢᠶᠠᠨ ᠬᠤᠲᠠ ᠶᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠡᠪᠲᠡᠷᠡᠭᠦᠯᠦᠨ ᠬᠢᠨᠠᠯᠲᠠ ᠲᠠᠯᠪᠢᠬᠤ ᠲᠠᠪᠴᠠᠩ ᠳᠤ ᠣᠷᠣᠭᠤᠯᠵᠤ᠂ ᠮᠥᠷᠳᠡᠨ ᠬᠢᠨᠠᠨ ᠭᠦᠢᠴᠡᠳᠭᠡᠪᠡ᠃
侵蚀沟治理项目3.png
  ᠬᠢᠩᠭᠠᠨ ᠠᠶᠢᠮᠠᠭ ᠤᠨ 2024 ᠣᠨ ᠤ ᠤᠯᠤᠰ ᠤᠨ ᠵᠢᠭᠡᠯᠡᠯᠭᠡ ᠶᠢᠨ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠲᠤᠬᠠᠶ ᠶᠢᠨ ᠲᠠᠯᠠᠪᠤᠷ ᠤᠨ ᠠᠬᠢᠭᠤᠯᠬᠤ ᠬᠤᠷᠠᠯ  ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠦᠷᠭᠦᠯᠵᠢᠯᠡᠨ ᠬᠦᠴᠦ ᠣᠷᠣᠭᠤᠯᠵᠤ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠵᠢᠭᠡᠯᠡᠯᠭᠡ ᠶᠢᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠭᠤᠤ ᠶᠢ ᠵᠠᠰᠠᠬᠤ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ ᠥᠭᠴᠦ ᠳᠠᠭᠤᠰᠬᠠᠬᠤ ᠶᠢ ᠦᠨᠡᠨ ᠬᠦ ᠪᠠᠲᠤᠯᠠᠨ᠎ᠠ᠃    ︵ᠡᠬᠡ ᠪᠢᠴᠢᠭ ᠶᠢ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠩᠭᠠᠪᠠ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号