ᠦᠪᠦᠷ ᠮᠣᠩᠭᠤᠯ ᠤᠨ ᠡᠵᠡᠨ᠎ᠡ ᠬᠤᠰᠢᠭᠤᠨ ᠤ ᠬᠢᠯᠢ ᠳᠠᠬᠢ ᠳ᠋ᠦᠩᠹᠧᠩ ᠰᠠᠨᠰᠠᠷ ᠤᠨ ᠬᠤᠳᠠ ᠠᠴᠠ ᠨᠢᠰᠬᠦ ︽ᠯᠣᠣ ᠮᠣᠷᠢ ᠠᠶᠠᠯᠠᠬᠤ ᠲᠤᠭᠤᠶᠢᠯᠠᠩ︾  ᠬᠤᠪᠢᠯᠭᠠᠨ ᠣᠩᠭᠤᠴᠠ ᠠᠷᠪᠠ ᠶᠢᠰᠦᠳᠦᠭᠡᠷ ᠬᠦᠮᠦᠨ ᠠᠴᠢᠶᠠᠯᠠᠭᠰᠠᠨ ᠨᠢᠰᠦᠯᠲᠡ ᠶᠢᠨ ᠡᠭᠦᠷᠭᠡ ᠶᠢ ᠬᠦᠢᠴᠡᠳᠭᠡᠨ᠎ᠡ
ᠨᠡᠶᠢᠲᠡᠯᠡᠭᠰᠡᠨ ᠴᠠᠭ᠄
2024/10/30
  10 ᠳ᠋ᠤᠭᠠᠷ ᠰᠠᠷ᠎ᠠ ᠶᠢᠨ 29 ᠤ ᠡᠳᠦᠷ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠠᠴᠢᠶᠠᠯᠠᠭᠰᠠᠨ ᠨᠢᠰᠦᠯᠲᠡ ᠶᠢᠨ ᠡᠭᠦᠷᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠢᠯᠢ ᠳᠠᠬᠢ ᠳ᠋ᠦᠩ ᠹᠧᠩ ᠰᠠᠨᠰᠠᠷ ᠤᠨ ᠬᠤᠲᠠ ︵ᠳᠠᠷᠤᠶ ᠳᠤᠮᠳᠠᠳᠤ ᠤᠯᠤᠰ ᠤᠨ ᠵᠢᠦᠴᠢᠦᠸᠠᠨ ᠳᠠᠭᠠᠭᠤᠯᠢ ᠣᠳᠣ ᠬᠠᠷᠪᠤᠬᠤ ᠲᠥᠪ︶ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠳᠤ ᠶᠠᠪᠤᠭᠳᠠᠪᠠ᠃ ᠬᠤᠪᠢᠯᠭᠠᠨ ᠣᠩᠭᠤᠴᠠ ᠠᠷᠪᠠ ᠶᠢᠰᠦᠲᠦᠬᠡᠷ ᠬᠦᠮᠦᠨ ᠠᠴᠢᠶᠠᠯᠠᠭᠰᠠᠨ ᠰᠠᠨᠰᠠᠷ ᠤᠨ ᠣᠩᠭᠤᠴᠠ ᠨᠢ ᠪᠡᠬᠡᠵᠢᠩ ᠤᠨ ᠴᠠᠭ ᠢᠶᠠᠷ 10 ᠳ᠋ᠤᠭᠠᠷ ᠰᠠᠷ᠎ᠠ ᠶᠢᠨ 30 ᠤ ᠡᠲᠦᠷ ᠤᠨ 04 ᠴᠠᠭ 27 ᠮᠢᠨᠦ᠋ᠲ ᠲᠤ ᠬᠠᠷᠪᠤᠵᠤ᠂ ᠨᠢᠰᠦᠯᠲᠡ ᠶᠢᠨ ᠣᠩᠭᠤᠴᠠ ᠨᠢ ᠰᠠᠨᠰᠠᠷᠴᠢᠨ ᠽᠠᠢ ᠰᠢᠤᠢ ᠵᠧ᠂ ᠰᠦᠩ ᠯᠢᠩ ᠳ᠋ᠦᠩ᠂ ᠸᠠᠩ ᠬᠤᠤ ᠽᠧ ᠵᠡᠷᠬᠡ ᠪᠠᠷ ᠪᠦᠷᠢᠯᠲᠦᠵᠤ᠂ ᠼᠠᠢ ᠰᠢᠤᠢ ᠵᠧ ᠵᠢᠯᠤᠭᠤᠲᠤᠭᠴᠢ ᠪᠤᠯᠪᠠ᠃  ᠰᠠᠨᠰᠠᠷᠴᠢᠨ ᠼᠠᠢ ᠰᠢᠤᠢ ᠵᠧ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠬᠥᠮᠦᠨ ᠠᠴᠢᠶᠠᠯᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠵᠦ ᠥᠩᠭᠡᠷᠡᠪᠡ︔ ᠰᠦᠩ ᠯᠢᠩ ᠳ᠋ᠦᠩ ᠪᠣᠯᠤᠨ ᠸᠠᠩ ᠬᠤᠤ ᠽᠧ ᠪᠦᠷ ᠮᠠᠨ ᠤ ᠤᠯᠤᠰ ᠤᠨ ᠭᠤᠷᠪᠠᠳᠤᠭᠠᠷ ᠪᠦᠯᠦᠭ ᠤᠨ ᠰᠠᠨᠰᠠᠷᠴᠢᠨ ᠪᠣᠯᠤᠨ᠎ᠠ᠂ ᠬᠤᠶᠠᠭᠤᠯᠠ ᠪᠣᠯ ᠴᠥᠮ ︽ᠶᠡᠷᠡᠨ ᠣᠨ ᠠᠴᠠ ᠰᠡᠭᠦᠯᠡᠷ ᠲᠦᠷᠦᠭᠰᠡᠳ︾ ᠪᠣᠯᠤᠨ᠎ᠠ᠂ ᠪᠦᠷ ᠠᠩᠬ᠎ᠠ ᠤᠳᠠᠭ᠎ᠠ ᠨᠢᠰᠬᠦ ᠡᠭᠦᠷᠭᠡ ᠭᠦᠢᠴᠡᠳᠭᠡᠨ᠎ᠡ᠃ ᠡᠭᠦᠨ ᠳᠤ᠂ ᠰᠦᠩ ᠯᠢᠩ ᠳ᠋ᠦᠩ ᠰᠣᠩᠭᠤᠭᠳᠠᠬᠤ ᠠᠴᠠ ᠡᠮᠦᠨ᠎ᠡ ᠠᠭᠠᠷ ᠤᠨ ᠴᠡᠷᠢᠭ ᠤᠨ ᠨᠢᠰᠦᠭᠴᠢ ᠪᠣᠯᠤᠨ᠎ᠠ︔ ᠸᠠᠩ ᠬᠤᠤ ᠽᠧ ᠰᠣᠩᠭᠤᠭᠳᠠᠬᠤ ᠠᠴᠠ ᠡᠮᠦᠨ᠎ᠡ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠠᠨᠰᠠᠷ ᠤᠨ ᠠᠶᠠᠯᠠᠯ ᠢ ᠠᠬᠢᠭᠤᠯᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠡᠭᠡᠳᠦ ᠵᠡᠷᠭᠡ ᠶᠢᠨ ᠢᠨᠵᠧᠨᠧᠷ ᠪᠠᠶᠢᠵᠤ᠂ ᠮᠠᠨ ᠤ ᠤᠯᠤᠰ ᠤᠨ ᠣᠳᠣᠬᠠᠨ ᠤ ᠴᠣᠷ ᠤᠨ ᠭᠠᠭᠴᠠ ᠡᠮᠡᠭᠲᠡᠢ ᠰᠠᠨᠰᠠᠷ ᠤᠨ ᠠᠶᠠᠯᠠᠯ ᠤᠨ ᠨᠢᠰᠦᠯᠲᠡ ᠶᠢᠨ ᠢᠨᠵᠧᠨᠧᠷ ᠪᠣᠯᠬᠤ ᠪᠥᠭᠡᠳ ᠮᠠᠨ ᠤ ᠤᠯᠤᠰ ᠤᠨ ᠬᠥᠮᠦᠨ ᠠᠴᠢᠶᠠᠯᠠᠭᠰᠠᠨ ᠰᠠᠨᠰᠠᠷ ᠤᠨ ᠠᠶᠠᠯᠠᠯ ᠤᠨ ᠨᠢᠰᠦᠯᠲᠡ ᠶᠢᠨ ᠡᠭᠦᠷᠭᠡ ᠶᠢ ᠭᠦᠢᠴᠡᠳᠬᠡᠭᠰᠡᠨ ᠭᠤᠷᠪᠠᠳᠠᠬᠢ ᠡᠮᠡᠭᠲᠡᠢ ᠪᠣᠯᠤᠨ᠎ᠠ᠃ ᠽᠠᠢ ᠰᠢᠤᠢ ᠵᠧ ᠯᠤᠤ ᠵᠢᠯ ᠲᠠᠢ᠂ ᠬᠤᠶᠠᠷ ︽ᠶᠡᠷᠡᠨ ᠣᠨ ᠠᠴᠠ ᠰᠡᠭᠦᠯᠡᠷ ᠲᠦᠷᠦᠭᠰᠡᠳ︾ ᠰᠦᠩ ᠯᠢᠩ ᠳ᠋ᠦᠩ ᠪᠤᠯᠤᠨ ᠸᠠᠩ ᠬᠤᠤ ᠽᠧ ᠨᠢ ᠮᠤᠷᠢ ᠵᠢᠯ ᠲᠠᠢ ᠪᠠᠶᠢᠵᠦ᠂ ︽ᠬᠤᠪᠢᠯᠭᠠᠨ ᠣᠩᠭᠤᠴᠠ ᠠᠷᠪᠠ ᠶᠢᠰᠦᠳᠦᠭᠡᠷ︾ ᠳᠤᠭᠤᠶᠢᠯᠠᠩ ᠢ ᠪᠠᠰᠠ ︽ᠯᠣᠣ ᠮᠣᠷᠢ ᠠᠶᠠᠯᠠᠬᠤ ᠲᠤᠭᠤᠶᠢᠯᠠᠩ︾ ᠭᠡᠳᠡᠭ᠃  ᠲᠣᠰ ᠤᠳᠠᠭᠠᠨ ᠤ ᠡᠭᠦᠷᠭᠡ ᠪᠣᠯ ᠰᠠᠨᠰᠠᠷ ᠤᠨ ᠥᠷᠲᠡᠭᠡ ᠶᠢᠨ ᠬᠡᠷᠡᠭᠯᠡᠯᠲᠡ ᠬᠢᠭᠡᠳ ᠬᠥᠭᠵᠢᠯᠲᠡ ᠶᠢᠨ ᠱᠠᠲᠤᠨ ᠤ ᠳᠥᠷᠪᠡᠳᠦᠭᠡᠷ ᠤᠳᠠᠭᠠᠨ ᠤ ᠬᠥᠮᠦᠨ ᠠᠴᠢᠶᠠᠯᠠᠭᠰᠠᠨ ᠨᠢᠰᠦᠯᠲᠡ ᠶᠢᠨ ᠡᠭᠦᠷᠭᠡ ᠪᠣᠯᠬᠤ ᠪᠥᠭᠡᠳ ᠪᠠᠰᠠ ᠴᠤ ᠬᠥᠮᠦᠨ ᠠᠴᠢᠶᠠᠯᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ 33 ᠳ᠋ᠤᠭᠠᠷ ᠤᠳᠠᠭᠠᠨ ᠤ ᠨᠢᠰᠦᠯᠲᠡ ᠶᠢᠨ ᠡᠭᠦᠷᠭᠡ ᠪᠣᠯᠤᠨ᠎ᠠ᠃ ᠡᠭᠦᠷᠭᠡ ᠶᠢᠨ ᠭᠤᠤᠯ ᠵᠤᠷᠢᠯᠭ᠎ᠠ ᠪᠤᠯ᠄ ᠬᠤᠪᠢᠯᠭᠠᠨ ᠤᠩᠭᠤᠴᠠ ᠠᠷᠪᠠᠨ ᠨᠠᠢᠮᠠᠲᠤᠭᠠᠷ ᠠᠶᠠᠨᠴᠢᠳ ᠢ ᠲᠤᠭᠤᠷᠢᠯᠲᠠ ᠶᠢᠨ ᠵᠠᠮ ᠤᠨ ᠡᠬᠡᠯᠵᠢᠯᠡᠨ ᠰᠤᠯᠢᠬᠤ ᠶᠢ ᠪᠡᠶᠡᠯᠡᠬᠦᠯᠵᠦ᠂ ᠤᠭᠲᠠᠷᠭᠤᠢ ᠶᠢᠨ ᠰᠢᠨᠵᠢᠯᠡᠬᠦ ᠤᠬᠠᠭᠠᠠᠴᠢ ᠪᠤᠯᠤᠨ ᠬᠡᠷᠡᠭᠯᠡᠭᠡᠨ ᠤ ᠪᠤᠲᠠᠲᠦ ᠪᠠᠶᠢᠴᠠᠭᠠᠯᠲᠠ ᠬᠢᠵᠦ᠂ ᠰᠠᠨᠰᠠᠷᠴᠢᠨ ᠤ ᠦᠷᠦᠭᠡᠨ ᠠᠴᠠ ᠭᠠᠷᠬᠤ ᠬᠦᠳᠡᠯᠬᠡᠬᠡᠨ ᠵᠢᠴᠢ ᠡᠳ᠋ ᠪᠠᠷᠠᠭ᠎ᠠ ᠶᠢᠨ ᠤᠷᠤᠨ ᠢᠶᠠᠷ ᠤᠷᠤᠵᠦ ᠭᠠᠷᠬᠤ ᠬᠦᠳᠡᠯᠭᠡᠭᠡᠨ ᠢ ᠦᠷᠨᠢᠭᠦᠯᠵᠦ᠂ ᠰᠠᠨᠰᠠᠷ ᠤᠨ ᠦᠷᠦᠭᠡ ᠶᠢᠨ ᠤᠭᠲᠠᠷᠭᠤᠢ ᠶᠢᠨ ᠬᠡᠮᠬᠡᠳᠡᠭ ᠬᠠᠮᠠᠭᠠᠯᠠᠬᠤ ᠲᠤᠨᠤᠭ ᠲᠦᠭᠦᠬᠡᠷᠦᠮᠵᠢ ᠶᠢ ᠤᠭᠰᠠᠷᠠᠬᠤ᠂ ᠦᠷᠦᠭᠡ ᠶᠢᠨ ᠭᠠᠳᠠᠨᠠᠬᠢ ᠠᠴᠢᠶ᠎ᠠ ᠪᠤᠯᠤᠨ ᠦᠷᠦᠬᠡ ᠶᠢᠨ ᠭᠠᠳᠠᠨᠠᠬᠢ ᠲᠤᠨᠤᠭ ᠲᠦᠭᠦᠬᠡᠷᠦᠮᠵᠢ ᠶᠢ ᠤᠭᠰᠠᠷᠠᠬᠤ ᠪᠠ ᠪᠤᠴᠠᠭᠠᠨ ᠬᠤᠷᠢᠶᠠᠬᠤ ᠵᠡᠷᠭᠡ ᠡᠭᠦᠷᠬᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠬᠦᠮᠦᠵᠢᠯ ᠪᠤᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠬᠦ᠂ ᠰᠠᠨᠰᠠᠷ ᠤᠨ ᠦᠷᠦᠭᠡ ᠶᠢᠨ ᠠᠵᠢᠯᠯᠠᠭᠠᠨ ᠤ ᠦᠷ᠎ᠡ ᠠᠰᠢᠭ ᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠶᠢᠨ ᠲᠦᠯᠦᠭᠡ ᠶᠤᠮ᠃  ᠳᠦᠯᠦᠪᠯᠡᠭᠡ ᠪᠠᠷ ᠂ ᠬᠤᠪᠢᠯᠭᠠᠨ ᠤᠩᠭᠤᠴᠠ ᠠᠷᠪᠠ ᠶᠢᠰᠦᠲᠦᠬᠡᠷ ᠬᠦᠮᠦᠨ ᠠᠴᠢᠶᠠᠯᠠᠭᠰᠠᠨ ᠰᠠᠨᠰᠠᠷ ᠤᠨ ᠤᠩᠭᠤᠴᠠ ᠵᠠᠮ ᠳᠤ ᠤᠷᠤᠭᠰᠠᠨ ᠤ ᠲᠠᠷᠠᠭ᠎ᠠ᠂ ᠪᠡᠶ᠎ᠡ ᠪᠠᠨ ᠲᠠᠭᠠᠭᠠᠵᠤ ᠳᠦᠷᠬᠡᠨ ᠢᠶᠠᠷ ᠵᠠᠯᠭᠠᠬᠤ ᠵᠠᠭᠪᠤᠷ ᠢ ᠬᠡᠷᠡᠭᠯᠡᠵᠦ᠂ ᠪᠠᠷᠤᠭ 6.5 ᠴᠠᠭ ᠤᠨ ᠲᠠᠷᠠᠭ᠎ᠠ ᠲᠢᠶᠠᠨ ᠾᠧ ᠭᠤᠤᠯ ᠦᠷᠦᠬᠡ ᠶᠢᠨ ᠡᠮᠦᠨ᠎ᠡ ᠦᠵᠦᠭᠦᠷ ᠲᠠᠢ ᠵᠠᠯᠭᠠᠯᠲᠤᠵᠤ᠂ ᠭᠤᠷᠪᠡᠨ ᠣᠩᠭᠤᠴᠠ ᠭᠤᠷᠪᠡᠨ ᠦᠷᠦᠬᠡ ᠶᠢᠨ ᠨᠡᠶᠢᠯᠡᠮᠡᠯ ᠴᠤᠭᠴᠠ ᠪᠤᠯᠤᠨ ᠪᠦᠷᠢᠯᠲᠦᠵᠡᠢ᠃ ᠲᠣᠭᠤᠷᠢᠯᠲᠠ ᠶᠢᠨ ᠵᠠᠮ ᠳᠤ ᠰᠠᠭᠠᠲᠠᠭᠰᠠᠨ ᠬᠤᠭᠤᠴᠠᠭᠠᠨ ᠳᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠰᠠᠨᠰᠠᠷᠴᠢᠨ ᠲᠡᠭᠷᠢ ᠶᠢᠨ ᠤᠩᠭᠤᠴᠠ ᠨᠠᠢᠮᠠᠳᠤᠭᠠᠷ ᠠᠴᠢᠶᠠᠨ ᠤ ᠨᠢᠰᠬᠦ ᠣᠩᠭᠤᠴᠠ ᠪᠣᠯᠣᠨ ᠬᠤᠪᠢᠯᠭᠠᠨ ᠣᠩᠭᠤᠴᠠ ᠬᠤᠷᠢᠳᠤᠭᠠᠷ ᠬᠥᠮᠥᠨ ᠠᠴᠢᠶᠠᠯᠠᠭᠰᠠᠨ ᠨᠢᠰᠬᠦ ᠣᠩᠭᠤᠴᠠ ᠶᠢᠨ ᠠᠶᠢᠯᠴᠢᠯᠠᠯᠲᠠ ᠶᠢ ᠤᠭᠲᠤᠵᠤ᠂ ᠢᠷᠡᠬᠦ ᠵᠢᠯ ᠤᠨ 4 ᠳ᠋ᠦ᠋ᠭᠡᠷ ᠰᠠᠷ᠎ᠠ ᠶᠢᠨ ᠰᠡᠭᠦᠯᠴᠢ ᠪᠤᠶᠤ 5 ᠳ᠋ᠤᠭᠠᠷ ᠰᠠᠷ᠎ᠠ ᠶᠢᠨ ᠡᠬᠢ ᠪᠠᠷ ᠳ᠋ᠦᠩᠹᠧᠩ ᠪᠠᠭᠤᠬᠤ ᠲᠠᠯᠠᠪᠠᠢ ᠳᠤ ᠪᠤᠴᠠᠬᠤ ᠪᠠᠷ ᠲᠥᠯᠥᠪᠯᠡᠵᠦ ᠪᠤᠢ᠃  ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠪᠠᠰᠠ ᠳᠤᠮᠳᠠᠳᠤ ᠤᠯᠤᠰ ᠤᠨ ᠬᠥᠮᠦᠨ ᠠᠴᠢᠶᠠᠯᠠᠭᠰᠠᠨ ᠰᠠᠷᠠᠨ ᠪᠥᠮᠪᠥᠷᠴᠡᠭ ᠢ ᠬᠠᠶᠢᠨ ᠬᠡᠮᠵᠢᠬᠦ ᠢᠨᠵᠧᠨᠧᠷᠢᠩ ᠤᠨ ᠰᠠᠷᠠᠨ ᠪᠦᠮᠪᠦᠷᠴᠡᠭ ᠲᠤ ᠭᠠᠷᠬᠤ ᠦᠶ᠎ᠡ ᠶᠢᠨ ᠡᠭᠦᠷᠭᠡ ᠶᠢᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠲᠠᠨᠢᠯᠴᠠᠭᠤᠯᠤᠭᠰᠠᠨ ᠢᠶᠠᠷ᠂ 2030 ᠣᠨ ᠠᠴᠠ ᠡᠮᠦᠨ᠎ᠡ ᠳᠤᠮᠳᠠᠳᠤ ᠤᠯᠤᠰ ᠤᠨ ᠬᠥᠮᠦᠨ ᠤ ᠬᠠᠭᠤᠷᠠᠢ ᠳᠤ ᠭᠠᠷᠬᠤ ᠰᠠᠷᠠᠨ ᠪᠥᠮᠪᠥᠷᠴᠡᠭ ᠤᠨ ᠬᠠᠷᠠᠯᠲᠠ ᠶᠢ ᠪᠡᠶᠡᠯᠡᠭᠦᠯᠵᠦ᠂ ᠢᠨᠵᠧᠨᠧᠷᠢᠩ ᠤᠨ ᠪᠥᠬᠦ ᠱᠤᠭᠤᠮ ᠢᠶᠠᠷ ᠢᠶᠠᠨ ᠡᠯ᠎ᠡ ᠵᠦᠢᠯ ᠤᠨ ᠰᠤᠳᠤᠯᠤᠨ ᠦᠢᠯᠡᠳᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠠᠶᠢᠨ᠎ᠠ᠃  ᠣᠳᠣᠬᠠᠨ ᠳᠤ᠂ ᠴᠠᠩ ᠵᠧᠩ ᠠᠷᠪᠠᠳᠤᠭᠠᠷ ᠬᠥᠯᠭᠡ ᠲᠡᠶᠢᠷᠦᠯᠲᠦ ᠰᠤᠮᠤ᠂ ᠮᠧᠩ ᠵᠧᠦ ᠬᠥᠮᠦᠨ ᠠᠴᠢᠶᠠᠯᠠᠭᠰᠠᠨ ᠨᠢᠰᠬᠦ ᠣᠩᠭᠤᠴᠠ᠂ ᠰᠠᠷᠠᠨ ᠪᠥᠮᠪᠥᠷᠴᠡᠭ ᠢ ᠠᠪᠠᠷᠢᠬᠤ ᠰᠠᠨᠰᠠᠷ ᠤᠨ ᠠᠶᠠᠯᠠᠯ ᠤᠨ ᠬᠤᠪᠴᠠᠰᠤ᠂ ᠬᠥᠮᠦᠨ ᠠᠴᠢᠶᠠᠯᠠᠭᠰᠠᠨ ᠰᠠᠷᠠᠨ ᠪᠥᠮᠪᠥᠷᠴᠡᠭ ᠤᠨ ᠲᠡᠷᠭᠡ ᠵᠡᠷᠭᠡ ᠲᠥᠯᠥᠪᠯᠡᠭᠡ ᠶᠣᠰᠣᠭᠠᠷ ᠠᠩᠬᠠᠨ ᠤ ᠪᠥᠲᠥᠭᠡᠭᠳᠡᠬᠦᠨ ᠤ ᠦᠢᠯᠡᠳᠪᠦᠷᠢᠯᠡᠯ ᠪᠣᠯᠣᠨ ᠬᠠᠮᠢᠶᠠᠲᠠᠶ ᠭᠠᠵᠠᠷ ᠤᠨ ᠭᠠᠳᠠᠷᠭᠤ ᠶᠢᠨ ᠲᠤᠷᠰᠢᠯᠲᠠ ᠬᠢᠵᠦ᠂ ᠤᠷᠢᠳ ᠬᠤᠵᠢᠳ ᠨᠢᠰᠬᠦ ᠣᠩᠭᠤᠴᠠᠨ ᠤ ᠶᠡᠷᠦᠩᠬᠡᠶᠢᠯᠡᠭᠰᠡᠨ ᠠᠭᠠᠷ ᠢᠶᠠᠷ ᠪᠠᠭᠤᠯᠭᠠᠬᠤ᠂ ᠪᠠᠭᠤᠬᠤ ᠮᠠᠰᠢᠨ ᠢ ᠰᠠᠯᠭᠠᠬᠤ᠂ ᠲᠡᠶᠢᠷᠦᠯᠲᠦ ᠰᠤᠮᠤ ᠶᠢᠨ ᠴᠢᠪ ᠨᠢᠭᠡᠳᠦᠭᠡᠷ ᠳᠡᠰ ᠤᠨ ᠭᠤᠷᠪᠠᠨ ᠮᠠᠰᠢᠨ ᠬᠥᠳᠡᠯᠭᠡᠬᠦ ᠬᠦᠴᠦᠨ ᠤ ᠰᠢᠰᠲ᠋ᠧᠮ ᠤᠨ ᠲᠤᠷᠰᠢᠯᠲᠠ ᠶᠢᠨ ᠲᠡᠷᠭᠡ᠂ YF — 75E ᠤᠰᠤᠳᠦ᠋ᠷᠦᠭᠴᠢ ᠬᠥᠳᠡᠯᠭᠡᠭᠦᠷ ᠤᠨ ᠥᠨᠳᠥᠷ ᠣᠭᠲᠠᠷᠭᠤᠶ ᠶᠢᠨ ᠳᠠᠭᠤᠷᠢᠶᠠᠮᠠᠯ ᠲᠤᠷᠰᠢᠯᠲᠠ ᠶᠢᠨ ᠮᠠᠰᠢᠨ ᠵᠡᠷᠭᠡ ᠲᠣᠮᠣ ᠬᠡᠯᠪᠡᠷᠢ ᠶᠢᠨ ᠲᠤᠷᠰᠢᠯᠲᠠ ᠶᠢ ᠬᠢᠵᠦ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠠᠶ᠃ ᠬᠦᠮᠦᠨ ᠠᠴᠢᠶᠠᠯᠠᠬᠤ ᠠᠴᠠ ᠡᠮᠦᠨᠡᠭᠢ ᠨᠢᠰᠦᠯᠲᠡ ᠶᠢᠨ ᠳᠤᠷᠰᠢᠯᠲᠠ ᠪᠠ ᠠᠩᠬ᠎ᠠ ᠤᠲᠠᠭ᠎ᠠ ᠬᠦᠮᠦᠨ ᠠᠴᠢᠶᠠᠯᠠᠭᠰᠠᠨ ᠰᠠᠷᠠᠨ ᠪᠦᠮᠪᠦᠷᠴᠡᠭ ᠲᠤ ᠭᠠᠷᠬᠤ ᠡᠭᠦᠷᠬᠡ ᠶᠢᠨ ᠰᠢᠨᠵᠢᠯᠡᠭᠦ ᠤᠬᠠᠭᠠᠨ ᠤ ᠰᠤᠲᠤᠯᠭᠠᠨ ᠤ ᠬᠠᠷᠠᠯᠲᠠ ᠪᠠ ᠢᠵᠢ ᠪᠦᠷᠢᠲᠦᠭᠦᠯᠦᠭᠰᠡᠨ ᠲᠠᠭᠠᠭᠠᠴᠠ ᠶᠢᠨ ᠶᠡᠷᠦᠩᠭᠡᠢ ᠳᠦᠰᠦᠯ ᠢ ᠦᠨᠲᠦᠰᠦᠨ ᠲᠡᠭᠡᠨ ᠲᠤᠭᠲᠠᠭᠠᠵᠤ᠂ ᠬᠠᠷᠪᠤᠯᠲᠠ ᠶᠢᠨ ᠲᠠᠯᠠᠪᠠᠢ᠂ ᠬᠡᠮᠵᠢᠨ ᠡᠵᠡᠮᠲᠡᠭᠰᠡᠨ ᠮᠡᠲᠡᠭᠡ ᠬᠤᠯᠪᠤᠭ᠎ᠠ᠂ ᠭᠠᠵᠠᠷ ᠲᠤ ᠪᠠᠭᠤᠬᠤ ᠲᠠᠯᠠᠪᠠᠢ ᠵᠡᠷᠬᠡ ᠰᠢᠰᠲ᠋ᠧᠮ ᠢ ᠤᠲᠤ ᠶᠠᠭ ᠲᠦᠯᠦᠪᠯᠡᠭᠡ ᠶᠤᠰᠤᠭᠠᠷ ᠡᠮᠭᠢ ᠵᠢᠷᠤᠮ ᠲᠠᠢ ᠪᠠᠷ ᠰᠤᠲᠤᠯᠤᠨ ᠪᠦᠲᠦᠬᠡᠵᠦ ᠪᠠᠶᠢᠨ᠎ᠠ᠃  ᠬᠤᠪᠢᠯᠭᠠᠨ ᠤᠩᠭᠤᠴᠠ ᠠᠷᠪᠡᠨ ᠨᠠᠢᠮᠠᠲᠤᠭᠠᠷ ᠨᠤᠮᠧᠷᠲᠤ ᠰᠠᠨᠰᠠᠷᠴᠢᠨ ᠳᠤᠭᠤᠶᠢᠯᠠᠩ 11 ᠳ᠋ᠦ᠋ᠭᠡᠷ ᠰᠠᠷ᠎ᠠ ᠶᠢᠨ 4 ᠤ ᠡᠳᠦᠷ ᠳ᠋ᠦᠩᠹᠧᠩ ᠳᠤ ᠪᠠᠭᠤᠬᠤ ᠪᠠᠷ ᠳᠦᠯᠦᠪᠯᠡᠵᠦ ᠪᠠᠶᠢᠨ᠎ᠠ᠃  ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠠᠷᠠᠭ᠎ᠠ᠂ ᠬᠤᠪᠢᠯᠭᠠᠨ ᠤᠩᠭᠤᠴᠠ ᠠᠷᠪᠠ ᠶᠢᠰᠦᠳᠦᠭᠡᠷ ᠳᠤᠭᠤᠶᠢᠯᠠᠩ ᠤᠨ 3 ᠰᠠᠨᠰᠠᠷᠴᠢᠨ ᠳ᠋ᠦᠩᠹᠧᠩ ᠰᠠᠨᠰᠠᠷ ᠤᠨ ᠬᠤᠳᠠ ᠶᠢᠨ ᠸᠧᠨ ᠲᠢᠶᠠᠨ ᠭᠧ ᠳᠤ ᠳᠤᠮᠳᠠᠳᠤ ᠭᠠᠳᠠᠭᠠᠳᠤ ᠶᠢᠨ ᠮᠡᠳᠡᠭᠡᠯᠡᠯ ᠤᠨ ᠬᠢᠨ ᠲᠠᠢ ᠬᠠᠮᠲᠤᠪᠠᠷ ᠠᠭᠤᠯᠵᠠᠵᠤ ᠠᠰᠠᠭᠤᠯᠲᠠ ᠶᠢ ᠬᠠᠷᠢᠭᠤᠯᠵᠠᠶ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号