︽2024 ᠣᠨ ᠤ ᠳᠣᠤᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠨᠡᠪᠲᠡᠷᠡᠬᠦ | ᠵᠠᠮ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ | ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ﹇2024﹈ 172 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ︽︿ᠡᠷᠳᠡᠮᠲᠡᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇ | 2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠳᠡᠳ᠋ ᠳᠡᠭᠡᠳᠦ | ᠲᠠᠰ ᠤᠨ ᠢᠨᠵᠧᠨᠧᠷ ᠤᠨ ᠲᠤᠰᠢᠶᠠᠯ ᠡᠭᠦᠷᠭᠡᠯᠡᠬᠦ ᠬᠢᠷᠢ ᠬᠡᠮ ᠢ ᠬᠢᠨᠠᠨ ᠲᠣᠭᠲᠠᠭᠠᠬᠤ ᠳᠤ ᠭᠤᠶᠤᠴᠢᠯᠠᠨ | ᠮᠡᠳᠡᠭᠦᠯᠦᠭᠰᠡᠨ ᠳᠡᠭᠡᠳᠦ ᠲᠠᠰ ᠤᠨ ᠴᠢᠳᠠᠪᠤᠷᠢᠲᠠᠨ ᠢ ᠢᠯᠡ ᠨᠡᠶᠢᠲᠡᠯᠡᠪᠡ᠃ | ᠨᠢᠭᠡ᠂ ᠬᠦᠮᠦᠰ ᠤᠨ ᠨᠡᠷᠡᠰ | ᠭᠦᠸᠧ ᠶᠠᠨ ᠴᠢᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠬᠤ ᠬᠦᠷᠢᠶᠡᠯᠡᠩ | ᠯᠢ ᠸᠠᠨ ᠵᠢᠶᠤᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠬᠤ ᠬᠦᠷᠢᠶᠡᠯᠡᠩ | ᠯᠧᠦ ᠱᠤᠸᠠᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠬᠤ ᠬᠦᠷᠢᠶᠡᠯᠡᠩ | ᠵᠠᠩ ᠵᠢᠶᠦ᠋ᠨ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠬᠤ ᠬᠦᠷᠢᠶᠡᠯᠡᠩ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 11 ᠳ᠋ᠦ᠋ᠭᠡᠷ ᠰᠠᠷ᠎ᠠ ᠶᠢᠨ | 7 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ | ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ | ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ | ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ | ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠥᠷᠥᠭᠡ ᠳᠤ ᠳᠣᠭᠢᠷᠠᠭᠤᠯᠪᠠ᠃ | ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ᠂ | ᠦᠳᠡ ᠶᠢᠨ ᠬᠤᠶᠢᠨ᠎ᠠ 13᠄ 30 — 17᠄ 00 ᠴᠠᠭ | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0471︶ 5259546 | ᠣᠨᠴᠠᠭᠠᠶᠢᠯᠠᠨ ᠵᠠᠷᠯᠠᠪᠠ | 2024 ᠣᠨ ᠤ 10 ᠳ᠋ᠤᠭᠠᠷ ᠰᠠᠷ᠎ᠠ ᠶᠢᠨ 31 ᠤ ᠡᠳᠦᠷ | |