2024 ᠣᠨ ᠤ ᠳᠣᠤᠷ᠎ᠠ ᠬᠠᠭᠠᠰ ᠵᠢᠯ ᠤᠨ ᠰᠠᠭᠠᠳ ᠥᠬᠡᠶ ᠨᠡᠪᠲᠡᠷᠡᠬᠦ ᠵᠠᠮ ᠢᠶᠠᠷ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠪᠠᠷ ᠮᠡᠳᠡᠭᠦᠯᠦᠭᠰᠡᠨ ᠬᠥᠮᠦᠰ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2024/10/31
  ︽2024 ᠣᠨ ᠤ ᠳᠣᠤᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠨᠡᠪᠲᠡᠷᠡᠬᠦ ᠵᠠᠮ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ﹇2024﹈ 172 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ︽︿ᠡᠷᠳᠡᠮᠲᠡᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠳᠡᠳ᠋ ᠳᠡᠭᠡᠳᠦ ᠲᠠᠰ ᠤᠨ ᠢᠨᠵᠧᠨᠧᠷ ᠤᠨ ᠲᠤᠰᠢᠶᠠᠯ ᠡᠭᠦᠷᠭᠡᠯᠡᠬᠦ ᠬᠢᠷᠢ ᠬᠡᠮ ᠢ ᠬᠢᠨᠠᠨ ᠲᠣᠭᠲᠠᠭᠠᠬᠤ ᠳᠤ ᠭᠤᠶᠤᠴᠢᠯᠠᠨ ᠮᠡᠳᠡᠭᠦᠯᠦᠭᠰᠡᠨ ᠳᠡᠭᠡᠳᠦ ᠲᠠᠰ ᠤᠨ ᠴᠢᠳᠠᠪᠤᠷᠢᠲᠠᠨ ᠢ ᠢᠯᠡ ᠨᠡᠶᠢᠲᠡᠯᠡᠪᠡ᠃  ᠨᠢᠭᠡ᠂ ᠬᠦᠮᠦᠰ ᠤᠨ ᠨᠡᠷᠡᠰ  ᠭᠦᠸᠧ ᠶᠠᠨ ᠴᠢᠩ  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ  ᠯᠢ ᠸᠠᠨ ᠵᠢᠶᠤᠤ  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ  ᠯᠧᠦ ᠱᠤᠸᠠᠢ  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ  ᠵᠠᠩ ᠵᠢᠶᠦ᠋ᠨ ᠢ  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠃  ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ  ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃  ᠵᠠᠷᠯᠠᠨ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠥᠷᠥᠭᠡ ᠳᠤ ᠳᠣᠭᠢᠷᠠᠭᠤᠯᠪᠠ᠃  ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ 13᠄ 30 — 17᠄ 00 ᠴᠠᠭ  ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0471︶ 5259546  ᠣᠨᠴᠠᠭᠠᠶᠢᠯᠠᠨ ᠵᠠᠷᠯᠠᠪᠠ  2024 ᠣᠨ ᠤ 10 ᠳ᠋ᠤᠭᠠᠷ ᠰᠠᠷ᠎ᠠ ᠶᠢᠨ 31 ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号