2024 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠵᠤ ᠪᠠᠲᠤᠯᠠᠬᠤ ᠪᠠᠷ ᠪᠠᠶᠢᠭ᠎ᠠ ᠬᠥᠮᠦᠰ ᠤᠨ ᠨᠡᠷᠡᠰ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/10/7
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽2024 ᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠢᠷᠢᠰ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠤᠰᠤ ᠬᠥᠮᠦᠨ ﹇2024﹈ 10 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠠᠵᠢᠯ ᠢ ᠨᠢᠭᠡᠨᠲᠡ ᠳᠠᠭᠤᠰᠬᠠᠵᠤ᠂ ᠡᠳᠦᠭᠡ ᠪᠠᠲᠤᠯᠠᠬᠤ ᠪᠠᠷ ᠪᠠᠶᠢᠭ᠎ᠠ ᠬᠥᠮᠦᠰ ᠤᠨ ᠨᠡᠷᠡᠰ ᠢ ᠢᠯᠡ ᠨᠡᠶᠢᠲᠡᠯᠡᠪᠡ᠃  ᠵᠠᠷᠯᠠᠨ ᠨᠡᠶᠢᠲᠡᠯᠡᠬᠦ ᠬᠤᠭᠤᠴᠠᠭ᠎ᠠ ᠪᠣᠯ 2024 ᠣᠨ ᠤ 10 ᠳ᠋ᠤᠭᠠᠷ ᠰᠠᠷ᠎ᠠ ᠶᠢᠨ 8 ᠤ ᠡᠳᠦᠷ ᠠᠴᠠ 2024 ᠣᠨ ᠤ 10 ᠳ᠋ᠤᠭᠠᠷ ᠰᠠᠷ᠎ᠠ ᠶᠢᠨ 12 ᠤᠨ ᠡᠳᠦᠷ ᠪᠣᠯᠤᠨ᠎ᠠ᠃  ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 — 12᠄ 00 ᠦᠳᠡ ᠶᠢᠨ ᠬᠤᠶᠢᠨ᠎ᠠ 13᠄ 30 — 17᠄ 00 ᠴᠠᠭ  ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠰᠢᠯᠭᠠᠷᠠᠭᠤᠯᠤᠨ ᠲᠣᠭᠲᠠᠭᠠᠬᠤ ᠠᠵᠢᠯᠲᠠᠨ ᠳᠤ ᠰᠡᠵᠢᠭᠲᠡᠶ ᠪᠠᠶᠢᠪᠠᠯ᠂ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠣᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ ᠲᠤ ᠠᠰᠠᠭᠤᠳᠠᠯ ᠢᠶᠠᠨ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠡᠷᠬᠡᠪᠰᠢ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠶ ᠪᠥᠭᠡᠳ ᠪᠢᠴᠢᠭᠯᠡᠭᠰᠡᠨ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠶᠢ ᠳᠠᠭᠠᠯᠳᠤᠭᠤᠯᠬᠤ ᠬᠡᠷᠡᠭᠲᠡᠶ᠃ ᠢᠯᠡ ᠨᠡᠶᠢᠲᠡᠯᠡᠭᠰᠡᠨ ᠬᠤᠪᠢ ᠬᠥᠮᠦᠨ ᠤ ᠮᠡᠳᠡᠭᠡ ᠵᠠᠩᠭᠢ ᠨᠢ ᠪᠤᠷᠤᠭᠤ ᠲᠠᠢ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ ᠲᠠᠢ ᠬᠠᠷᠢᠯᠴᠠᠵᠤ ᠵᠠᠰᠠᠪᠤᠷᠢ ᠣᠷᠣᠭᠤᠯᠬᠤ ᠬᠡᠷᠡᠭᠲᠡᠶ᠃  ᠬᠠᠷᠢᠯᠴᠠᠬᠤ ᠬᠠᠶᠢᠭ᠄ ᠬᠥᠬᠡᠬᠤᠲᠠ ᠶᠢᠨ ᠬᠥᠯᠥᠨ ᠪᠤᠶᠢᠷ ᠡᠮᠦᠨ᠎ᠡ ᠵᠠᠮ ᠤᠨ 119 ᠳ᠋ᠦ᠋ᠭᠡᠷ ᠲᠣᠭᠠᠲᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠭᠠᠵᠠᠷ ︵ᠰᠢᠤᠳᠠᠨ ᠨᠣᠮᠧᠷ᠄ 010000︶  ᠬᠠᠷᠢᠯᠴᠠᠬᠤ ᠤᠲᠠᠰᠤ᠄ 0471 — 5259607  0471 – 5259546  ᠳᠠᠭᠠᠯᠳᠤᠭᠤᠯᠤᠯ᠄ 2024 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠪᠠᠷ ᠪᠠᠶᠢᠭ᠎ᠠ ᠬᠥᠮᠦᠰ ᠤᠨ ᠨᠡᠷᠡᠰ    ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠤᠰᠬᠠᠢ ᠮᠡᠷᠭᠡᠵᠢᠯ ᠤᠨ ᠴᠤᠯᠠ ᠰᠢᠯᠭᠠᠷᠠᠭᠤᠯᠬᠤ ᠺᠣᠮᠢᠰ  2024 ᠣᠨ ᠤ 10 ᠳ᠋ᠤᠭᠠᠷ ᠰᠠᠷ᠎ᠠ ᠶᠢᠨ 7 ᠤ ᠡᠳᠦᠷ

 

 

 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号