ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠰᠤᠷᠪᠤᠯᠵᠢᠯᠠᠭ᠎ᠠ ᠶᠢᠨ ᠲᠡᠮᠳᠡᠭᠯᠡᠯ
ᠨᠡᠶᠢᠲᠡᠯᠡᠭᠰᠡᠨ ᠴᠠᠭ᠄
2024/10/9
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ   ᠤᠰᠤᠨ ᠠᠰᠢᠭᠯᠠᠯᠲᠠ ᠶᠢᠨ ᠲᠦᠮᠡᠨ ᠪᠣᠳᠠᠰ ᠢ ᠪᠤᠯᠢᠶᠠᠯᠳᠤᠬᠤ ᠦᠭᠡᠢ᠂ ᠪᠢᠳᠡᠨ ᠤ ᠬᠦᠰᠡᠨ ᠮᠥᠷᠥᠭᠡᠳᠴᠦ ᠪᠠᠶᠢᠭ᠎ᠠ ᠬᠡᠲᠦᠶᠢᠳᠦᠭᠰᠡᠨ ᠪᠠᠶᠢᠳᠠᠯ ᠪᠣᠯ ᠶᠡᠷᠦ ᠨᠢ ᠤᠰᠤ ᠲᠠᠢ ᠬᠤᠯᠪᠣᠭ᠎ᠠ ᠲᠠᠢ ᠶᠤᠮ᠂ ᠡᠶᠢᠮᠦ ᠠᠴᠠ ᠬᠥᠮᠥᠰ ᠴᠥᠮ ᠤᠰᠤ ᠶᠢ ᠳᠣᠲᠣᠨᠣᠴᠢᠯᠠᠬᠤ ᠳᠤᠷᠠᠲᠠᠢ ᠪᠠᠶᠢᠳᠠᠭ᠃  ᠲᠠᠰᠤᠷᠠᠯᠲᠠ ᠦᠭᠡᠢ ᠦᠷᠭᠦᠯᠵᠢᠯᠡᠭᠰᠡᠨ᠂ ᠲᠦᠷᠭᠡᠨ ᠤᠷᠤᠰᠬᠠᠯ ᠦᠷᠭᠦᠯᠵᠢᠯᠡᠵᠦ ᠪᠠᠶᠢᠭ᠎ᠠ ᠭᠤᠣᠯ ᠮᠥᠷᠡᠨ ᠨᠢ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠰᠦᠯ ᠢ ᠳᠠᠭᠠᠯᠳᠤᠨ᠂ ᠲᠡᠦᠬᠡ ᠶᠢᠨ ᠮᠠᠨᠳᠤᠯ ᠪᠠᠭᠤᠷᠠᠯ ᠰᠣᠯᠢᠭᠳᠠᠯ ᠢ ᠭᠡᠷᠡᠴᠢᠯᠡᠵᠦ ᠪᠠᠶᠢᠨ᠎ᠠ᠃  ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠬᠤ ᠪᠥᠭᠡᠳ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠷᠬᠠᠯᠲᠠ ᠲᠡᠭᠰᠢ ᠪᠤᠰᠤ᠂ ᠤᠰᠤᠨ ᠤ ᠡᠬᠢ ᠪᠠᠶᠠᠯᠢᠭ ᠵᠥᠪᠬᠡᠨ ᠪᠥᠬᠦ ᠤᠯᠤᠰ ᠤᠨ ᠶᠡᠷᠦᠩᠬᠡᠶ ᠬᠡᠮᠵᠢᠶᠡᠨ ᠤ 1.92%᠎ ᠢ ᠡᠵᠡᠯᠡᠵᠦ᠂ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠨ᠎ᠠ᠃  2014 ᠣᠨ ᠤ 3 ᠳ᠋ᠤᠭᠠᠷ ᠰᠠᠷ᠎ᠠ ᠶᠢᠨ 14᠎ ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠶᠠᠷᠢᠶ᠎ᠠ ᠲᠠᠯᠪᠢᠵᠤ᠂ ᠤᠰᠤᠨ ᠤ ᠠᠮᠤᠷ ᠲᠦᠪᠰᠢᠨ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠪᠡ᠃ 10 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠢᠴᠢ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠬᠡᠪᠴᠢᠶᠡᠵᠢᠭᠰᠡᠨ ᠴᠢᠨᠠᠷᠲᠠᠶ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠰᠠᠭᠤᠳᠠᠯ ᠡᠭᠦᠰᠬᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠭᠤᠶᠢᠪᠢᠰᠢ ᠥᠬᠡᠶ ᠰᠠᠬᠢᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠴᠠᠭ ᠢᠮᠠᠭᠲᠠ ᠦᠢᠯᠡᠳᠦᠯᠭᠡᠵᠢᠭᠦᠯᠪᠡ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠣᠭᠲᠠᠴᠠ ᠶᠢ ᠴᠢᠩᠭᠠᠷᠠᠭᠤᠯᠤᠨ᠂ ᠬᠤᠰᠢᠭᠤ ᠰᠢᠶᠠᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠡᠩᠨᠡᠭᠡ ᠶᠢ ᠵᠣᠬᠢᠶᠠᠨ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃  9 ᠳ᠋ᠦ᠋ᠭᠡᠷ ᠰᠠᠷ᠎ᠠ ᠶᠢᠨ 25᠎ ᠤ ᠡᠳᠦᠷ᠂ ︽ᠬᠠᠲᠤᠨ ᠭᠤᠤᠯ ᠤᠨ ᠤᠰᠤ ᠪᠠᠷ ᠤᠮᠠᠷᠠᠲᠤ ᠬᠢᠯᠢ ᠶᠢ ᠤᠮᠳᠠᠯᠠᠬᠤ︾ ᠠᠵᠢᠯᠯᠠᠭ᠎ᠠ ᠶᠢ ᠰᠤᠷᠪᠤᠯᠵᠢᠯᠠᠨ ᠮᠡᠳᠡᠭᠡᠯᠡᠬᠦ ᠠᠵᠢᠯᠯᠠᠭ᠎ᠠ ᠠᠯᠠᠱᠠ ᠠᠶᠢᠮᠠᠭ ᠤᠨ ᠰᠣᠨᠢᠨ ᠤ ᠬᠤᠷᠢᠶ᠎ᠠ ᠠᠯᠠᠱᠠ ᠵᠡᠭᠦᠨ ᠬᠤᠰᠢᠭᠤᠨ ᠤ ᠲᠡᠷᠭᠡ ᠪᠠᠷ ᠠᠶᠠᠯᠠᠵᠤ᠂ ᠵᠠᠮ ᠤᠨ ᠬᠤᠶᠠᠷ ᠲᠠᠯ᠎ᠠ ᠪᠠᠷ ᠳᠦᠭᠦᠷᠡᠩ ᠭᠤᠪᠢ ᠴᠦᠯᠡᠷᠬᠡᠭᠵᠢᠭᠰᠡᠨ ᠦᠵᠡᠮᠵᠢ ᠲᠠᠢ᠃ ᠦᠳᠡ ᠤᠶᠢᠷᠠᠳᠤᠬᠤ ᠳᠤ᠂ ᠮᠠᠰᠢᠨ ᠲᠡᠷᠭᠡ ᠢᠩᠭᠡᠨ ᠰᠤᠮᠤ ᠶᠢᠨ ᠴᠠᠭᠠᠨ ᠵᠠᠳᠠᠭᠠᠢ ᠭᠠᠴᠠᠭᠠᠨ ᠤ ᠨᠢᠭᠡ ᠵᠤᠷᠪᠤᠰ ᠪᠠᠶᠢᠭᠤᠯᠵᠤ ᠪᠠᠶᠢᠭ᠎ᠠ ᠵᠠᠰᠠᠮᠠᠯ ᠵᠠᠮ ᠳᠡᠭᠡᠷ᠎ᠡ ᠣᠭᠵᠣᠮ ᠮᠣᠷᠦ᠋ᠢᠵᠤ᠂ ᠨᠢᠭᠡ ᠴᠢᠯᠠᠭᠤᠨ ᠠᠭᠤᠯᠠ ᠶᠢᠨ ᠳᠣᠤᠷᠠᠬᠢ ᠶᠡᠭᠡ ᠬᠡᠰᠡᠭ ᠵᠠᠭ ᠬᠠᠷᠠᠭᠠᠨ ᠳᠤ ᠢᠯᠡᠷᠡᠪᠡ᠃ ᠵᠠᠭ ᠤᠨ ᠰᠠᠯᠠᠭ᠎ᠠ ᠨᠠᠮᠠᠭ᠎ᠠ ᠨᠢ ᠪᠦᠳᠦᠭᠦᠨ ᠲᠣᠮᠤ᠂ ᠰᠠᠯᠬᠢᠨ ᠤ ᠠᠶ᠎ᠠ ᠪᠠᠷ ᠪᠥᠵᠢᠭᠯᠡᠵᠦ᠂ ᠤᠭ᠍ᠶᠤ ᠨᠣᠭᠤᠭᠠᠨ ᠥᠩᠭᠡ ᠪᠠᠷ ᠭᠤᠤᠯ ᠪᠣᠯᠭᠠᠭᠰᠠᠨ ᠡᠬᠡ ᠭᠠᠵᠠᠷ ᠲᠤ ᠰᠢᠭᠢᠳᠴᠦ᠂ ᠨᠣᠭᠤᠭᠠᠨ ᠥᠩᠭᠡ ᠪᠠᠷ ᠬᠥᠮᠦᠰ ᠤᠨ ᠰᠡᠳᠬᠢᠯ ᠢ ᠠᠭᠤᠵᠢᠷᠠᠭᠤᠯᠵᠤ᠂ ᠠᠳᠡ ᠠᠮᠢᠵᠢᠷᠠᠯ ᠤᠨ ᠬᠦᠴᠦᠨ ᠢ ᠠᠪᠴᠢᠷᠠᠵᠤ᠂ ᠬᠥᠮᠦᠰ ᠤᠨ ᠬᠦᠷᠢᠶᠡᠯᠡᠯ ᠢ ᠣᠯᠤᠭᠰᠠᠨ ᠪᠠᠶᠢᠨ᠎ᠠ᠃
供水保障工程采访记1.png
  ᠵᠢᠶᠤᠤ ᠳ᠋ᠦᠸᠧ ᠸᠧᠨ ᠨᠠᠰᠤᠲᠠᠨ ᠵᠠᠭ ᠲᠠᠷᠢᠬᠤ ᠶᠠᠪᠤᠴᠠ ᠶᠢ ᠲᠠᠨᠢᠯᠴᠠᠭᠤᠯᠪᠠ  70 ᠨᠠᠰᠤᠲᠠᠶ ᠵᠢᠶᠤᠤ ᠳ᠋ᠦᠸᠧ ᠸᠧᠨ ᠨᠠᠰᠤᠲᠠᠨ ᠪᠣᠯᠤᠨ ᠬᠥᠭᠰᠢᠨ ᠨᠢ ᠡᠨᠡ ᠬᠦ ᠵᠠᠭ ᠤᠨ ᠡᠵᠡᠨ ᠪᠣᠯᠤᠨ᠎ᠠ᠂ ᠬᠥᠭᠰᠢᠨ ᠬᠤᠶᠠᠭᠤᠯᠠ 2018 ᠣᠨ ᠳᠤ ᠠᠳᠡ ᠨᠡᠭᠦᠵᠦ ᠢᠷᠡᠵᠦ ᠵᠠᠭ ᠲᠠᠷᠢᠵᠤ᠂ ᠣᠶᠢᠷ᠎ᠠ ᠶᠢᠨ ︽ᠵᠡᠷᠭᠡᠯᠡᠳᠡᠭᠡ ᠠᠶᠢᠯ︾᠎ ᠨᠢ ᠴᠦ 8 ᠺᠢᠯᠤᠮᠧᠲᠷ ᠤᠨ ᠭᠠᠳᠠᠨ᠎ᠠ ᠪᠠᠶᠢᠳᠠᠭ᠃ 6 ᠵᠢᠯ ᠤᠨ ᠲᠤᠷᠰᠢ᠂ ᠡᠨᠡ ᠬᠦ ᠡᠵᠡᠭᠦᠢ ᠲᠠᠩ ᠠᠴᠠ ᠴᠤᠬᠤᠶᠢᠵᠤ ᠭᠠᠷᠤᠭᠰᠠᠨ ᠨᠢᠯᠬ᠎ᠠ ᠨᠠᠬᠢᠶ᠎ᠠ ᠨᠢᠭᠡᠪᠦᠷᠢ ᠨᠢ ᠴᠥᠮ ᠲᠡᠳᠡᠨ ᠤ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠠᠴᠢ ᠬᠠᠷᠢᠭᠤᠯᠠᠯ ᠪᠠ ᠲᠠᠶᠢᠳᠬᠤᠷᠠᠭᠤᠯᠤᠯ ᠪᠣᠯᠣᠨ᠎ᠠ᠃  ︽ᠡᠨᠡ ᠬᠡᠰᠡᠭ ᠵᠠᠭ ᠤᠨ ᠶᠡᠷᠦᠩᠬᠡᠶ ᠲᠠᠯᠠᠪᠠᠶ ᠨᠢ 3000 ᠮᠥ ᠰᠢᠬᠠᠮ ᠪᠣᠯᠤᠨ᠎ᠠ᠂ ᠰᠠᠬᠤᠯᠢᠭ ᠤᠷᠭᠤᠭᠰᠠᠨ ᠮᠣᠳᠣᠨ ᠤ ᠨᠠᠰᠤ ᠨᠢ ᠨᠢᠭᠡᠨᠲᠡ 3 ᠵᠢᠯ ᠢ ᠳᠠᠪᠠᠵᠤ᠂ ᠭᠡᠷ ᠤᠨ ᠣᠶᠢᠷ᠎ᠠ ᠬᠠᠪᠢ ᠳᠤᠨᠢ ᠡᠨᠡ ᠬᠤᠶᠠᠷ ᠵᠢᠯ ᠳᠤ ᠲᠠᠷᠢᠭᠰᠠᠨ ᠶᠤᠮ︾᠃ ᠰᠠᠶ᠋ᠢᠬᠠᠨ 15 ᠺᠢᠯᠤᠮᠧᠲᠷ ᠤᠨ ᠭᠠᠳᠠᠨᠠᠬᠢ ᠤᠰᠤᠨ ᠰᠤᠷᠪᠤᠯᠵᠢ ᠶᠢᠨ ᠭᠠᠵᠠᠷ ᠠᠴᠠ ᠤᠰᠤ ᠲᠠᠲᠠᠵᠤ ᠢᠷᠡᠭᠰᠡᠨ ᠵᠢᠶᠤᠤ ᠳ᠋ᠦᠸᠧ ᠸᠧᠨ ᠥᠪᠡᠷ ᠤᠨ ᠡᠷᠳᠡᠨᠢᠲᠦ ᠵᠠᠭ ᠢᠶᠠᠨ ᠤᠯᠠᠨ ᠳᠤ ᠲᠤᠭᠠᠴᠢᠨ ᠶᠠᠷᠢᠨ᠎ᠠ᠃  ᠠᠯᠠᠱᠠ ᠵᠡᠭᠦᠨ ᠬᠤᠰᠢᠭᠤ ᠨᠢ ᠳᠤᠮᠳᠠ ᠬᠦᠢᠲᠡᠨ ᠪᠦᠰᠡ ᠳᠤ ᠪᠠᠶᠢᠷᠢᠰᠢᠵᠤ᠂ ᠳᠠᠯᠠᠢ ᠲᠠᠩᠭᠢᠰ ᠠᠴᠠ ᠬᠤᠯᠠ ᠵᠠᠶᠢᠲᠠᠢ᠂ ᠵᠡᠭᠦᠨ ᠨᠢ ᠠᠯᠠᠱᠠ ᠠᠭᠤᠯᠠᠨ ᠠᠴᠠ᠂ ᠬᠤᠶᠢᠲᠦ ᠨᠢ ᠮᠤᠩᠭᠤᠯ ᠤᠨ ᠥᠨᠳᠦᠷᠯᠢᠭ ᠤᠨ ᠠᠯᠤᠰᠯᠠᠬᠤ᠂ ᠪᠢᠲᠡᠭᠦᠦ ᠳᠣᠲᠣᠭᠠᠳᠤ ᠡᠬᠡ ᠭᠠᠵᠠᠷ ᠤᠨ ᠥᠨᠳᠦᠷᠯᠢᠭ᠂ ᠨᠡᠶᠢᠲᠡᠯᠢᠭ ᠡᠬᠡ ᠭᠠᠵᠠᠷ ᠤᠨ ᠭᠠᠩ ᠬᠠᠭᠤᠷᠠᠢ ᠴᠦᠯ ᠤᠨ ᠭᠠᠵᠠᠷ ᠣᠷᠣᠨ ᠳᠤ ᠲᠣᠭᠠᠴᠠᠭᠳᠠᠨ᠎ᠠ᠃ ᠠᠭᠤᠷ ᠠᠮᠢᠰᠬᠤᠯ ᠤᠨ ᠤᠨᠴᠠᠯᠢᠭ ᠨᠢ ᠭᠠᠩ ᠬᠠᠭᠤᠷᠠᠢ ᠪᠤᠷᠤᠭᠠᠨ ᠪᠠᠭ᠎ᠠ᠂ ᠡᠪᠦᠯ ᠬᠦᠢᠳᠡᠨ ᠵᠤᠨ ᠬᠠᠯᠠᠭᠤᠨ᠂ ᠰᠠᠯᠬᠢ ᠶᠡᠭᠡ ᠡᠯᠡᠰᠦ ᠤᠯᠠᠨ᠂ ᠲᠦᠷᠪᠡᠨ ᠤᠯᠠᠷᠢᠯ ᠰᠠᠶᠢᠬᠠᠨ᠂ ᠨᠠᠷᠠᠨ ᠤ ᠲᠤᠰᠤᠯᠲᠠ ᠭᠦᠢᠴᠡᠳ᠂ ᠠᠭᠤᠷᠰᠢᠯ ᠴᠢᠩᠭ᠎ᠠ ᠪᠠᠶᠢᠳᠠᠭ᠃ ᠴᠠᠭ ᠠᠭᠤᠷ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠥᠬᠦ ᠬᠤᠰᠢᠭᠤᠨ ᠤ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠵᠥᠪᠬᠡᠨ 107.4 — 225.2 ᠮᠢᠯᠢᠮᠧᠲᠷ ᠪᠠᠶᠢᠵᠤ᠂ ᠠᠭᠤᠷᠰᠢᠯᠲᠠ ᠶᠢᠨ ᠬᠡᠮᠵᠢᠶ᠎ᠡ ᠬᠠᠷᠢᠨ 2264 — 3087 ᠮᠢᠯᠢᠮᠧᠲᠷ ᠲᠤ ᠬᠦᠷᠴᠡᠶ᠃
供水保障工程采访记2.png
  ᠡᠯᠡᠰᠦᠷᠬᠡᠭ ᠭᠠᠵᠠᠷ ᠲᠠᠬᠢ ᠵᠠᠭ  ᠡᠶᠢᠮᠦ ᠬᠠᠲᠠᠭᠤ ᠰᠢᠷᠦᠭᠦᠨ ᠣᠷᠴᠢᠨ ᠲᠣᠭᠤᠷᠢᠨ ᠳᠤ ᠵᠠᠭ ᠲᠠᠷᠢᠬᠤ ᠵᠡᠷᠭᠡ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠤᠨ ᠤᠷᠭᠤᠮᠠᠯ ᠲᠠᠷᠢᠬᠤ ᠬᠡᠷᠡᠭᠲᠡᠢ᠂ ᠤᠰᠤ ᠳᠤᠲᠠᠭᠳᠠᠵᠤ ᠪᠣᠯᠬᠤ ᠦᠭᠡᠢ᠃ ᠵᠢᠶᠤᠤ ᠳ᠋ᠦᠸᠧ ᠸᠧᠨ ᠲᠠᠨᠢᠯᠴᠠᠭᠤᠯᠬᠤ ᠳᠠᠭᠠᠨ᠂ 3 ᠵᠢᠯ ᠤᠨ ᠳᠣᠲᠣᠷ᠎ᠠ ᠵᠠᠭ ᠡᠷᠬᠡᠪᠰᠢ ᠴᠠᠭ ᠲᠤᠬᠠᠢ ᠳᠤᠨᠢ ᠤᠰᠤ ᠨᠥᠬᠦᠪᠥᠷᠢᠯᠡᠵᠦ ᠴᠢᠳᠠᠪᠠᠯ ᠰᠠᠶ᠋ᠢ ᠡᠳᠡᠭᠡᠷᠡᠬᠦ ᠶᠢ ᠪᠠᠲᠤᠯᠠᠵᠤ ᠴᠢᠳᠠᠨ᠎ᠠ᠃ ᠬᠠᠷᠢᠭᠤ ᠬᠠᠷᠠᠮᠵᠢ ᠪᠣᠯᠭᠠᠭᠰᠠᠨ ᠤ ᠬᠤᠪᠢ ᠳᠤ᠂ ᠵᠠᠷᠢᠮ ᠮᠠᠯ ᠲᠡᠵᠢᠭᠡᠪᠦᠷᠢ ᠶᠢ ᠰᠢᠭᠤᠳ ᠠᠵᠤ ᠠᠬᠤᠶ ᠶᠢᠨ ᠦᠷ᠎ᠡ ᠠᠰᠢᠭ ᠲᠠᠢ ᠪᠣᠯᠭᠠᠬᠤ ᠠᠴᠠ ᠭᠠᠳᠠᠨ᠎ᠠ᠂ ᠠᠯᠠᠱᠠ ᠠᠶᠢᠮᠠᠭ ᠨᠢ ᠬᠤᠪᠣᠷ ᠨᠠᠨᠳᠢᠨ ᠬᠢᠲᠠᠳ ᠡᠮ ᠤᠨ ᠮᠠᠲ᠋ᠧᠷᠢᠶᠠᠯ ᠤᠨ ᠴᠠᠭᠠᠨ ᠭᠤᠶᠣᠣ ᠶᠢᠨ ᠭᠤᠤᠯ ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ᠂ ᠵᠠᠭ ᠤᠨ ᠦᠨᠳᠦᠰᠦ ᠠᠴᠠ ᠴᠠᠭᠠᠨ ᠭᠤᠶᠣᠣ ᠵᠠᠯᠭᠠᠵᠤ᠂ ᠢᠯᠡᠭᠦᠴᠡ ᠣᠷᠣᠯᠭ᠎ᠠ ᠣᠯᠵᠤ ᠪᠣᠯᠤᠨ᠎ᠠ᠃  ᠵᠢᠶᠤᠤ ᠳ᠋ᠦᠸᠧ ᠸᠧᠨ ᠨᠠᠰᠤᠲᠠᠨ ᠮᠡᠲᠦ ᠮᠠᠯᠴᠢᠳ ᠲᠤ ᠠᠪᠴᠤ ᠬᠡᠯᠡᠪᠡᠯ᠂ ᠤᠰᠤᠨ ᠤ ᠡᠬᠢ ᠰᠤᠷᠪᠤᠯᠵᠢ ᠶᠢ ᠣᠯᠵᠤ ᠪᠠᠶᠢᠭ᠎ᠠ ᠨᠢ ᠲᠡᠳᠡᠨ ᠤ ᠠᠮᠢᠳᠤᠷᠠᠯ ᠤᠨ ᠴᠢᠬᠤᠯᠠ ᠠᠴᠠ ᠴᠢᠬᠤᠯᠠ ᠵᠦᠢᠯ ᠪᠣᠯᠤᠨ᠎ᠠ᠂ ᠭᠡᠲᠡᠯ᠎ᠡ ᠣᠳᠣᠬᠠᠨ ᠳᠤ ᠬᠠᠮᠤᠭ ᠤᠨ ᠣᠶᠢᠷ᠎ᠠ ᠶᠢᠨ ᠤᠰᠤᠨ ᠰᠤᠷᠪᠤᠯᠵᠢ ᠶᠢᠨ ᠭᠠᠵᠠᠷ 15 ᠺᠢᠯᠤᠮᠧᠲᠷ ᠤᠨ ᠭᠠᠳᠠᠨ᠎ᠠ ᠪᠠᠶᠢᠨ᠎ᠠ᠃ ᠣᠳᠣ ᠲᠷᠠᠺᠲ᠋ᠤᠷ ᠢᠶᠠᠷ ᠤᠰᠤ ᠲᠠᠲᠠᠵᠤ ᠤᠰᠤᠯᠠᠬᠤ ᠨᠢ ᠲᠡᠭᠦᠨ ᠤ ᠡᠩ ᠤᠨ ᠦᠶ᠎ᠡ ᠳᠤ ᠦᠢᠯᠡᠳᠪᠦᠷᠢᠯᠡᠯ ᠤᠨ ᠠᠵᠢᠯ ᠤᠨ ᠭᠤᠣᠯ ᠠᠭᠤᠯᠭ᠎ᠠ ᠪᠣᠯᠤᠨ᠎ᠠ᠃ ᠲᠡᠭᠦᠨ ᠤ ᠦᠭᠡ ᠪᠠᠷ᠄ ︽ᠬᠤᠯᠠ ᠭᠠᠵᠠᠷ᠂ ᠵᠠᠮ ᠰᠠᠶᠢᠨ ᠪᠢᠰᠢ᠂ ᠤᠰᠤ ᠲᠠᠲᠠᠬᠤ ᠪᠣᠯ ᠮᠠᠰᠢ ᠬᠦᠨᠳᠦ ᠠᠵᠢᠯ ᠮᠥᠨ᠂ ᠥᠪᠡᠷ ᠤᠨ ᠥᠷᠲᠡᠭ ᠨᠢ ᠴᠦ ᠥᠨᠳᠥᠷ ᠶᠤᠮ︾ ᠭᠡᠵᠦ ᠬᠡᠯᠡᠪᠡ᠃  ᠥᠩᠭᠡᠷᠡᠭᠰᠡᠨ ᠤ ᠠᠯᠢ ᠴᠤ ᠦᠶ᠎ᠡ ᠳᠤ᠂ ᠣᠶᠢᠷ᠎ᠠ ᠮᠥᠷᠲᠡᠭᠡᠨ ᠬᠢᠮᠳᠠ ᠤᠰᠤᠨ ᠤ ᠡᠬᠢ ᠰᠤᠷᠪᠤᠯᠵᠢ ᠲᠠᠢ ᠪᠣᠯᠬᠤ ᠨᠢ ᠲᠡᠭᠦᠨ ᠤ ᠶᠡᠷᠦ ᠠᠴᠠ ᠬᠦᠰᠡᠨ ᠮᠥᠷᠥᠭᠡᠳᠦᠭᠰᠡᠭᠡᠷ ᠢᠷᠡᠭᠰᠡᠨ ᠶᠠᠪᠤᠳᠠᠯ ᠶᠤᠮ᠃ ᠣᠳᠣ ᠪᠣᠯᠬᠤ ᠳᠤ ᠡᠨᠡ ᠬᠦ ᠬᠦᠰᠡᠯ ᠵᠡᠭᠦᠳᠦ ᠤᠳᠠᠯ ᠦᠭᠡᠢ ᠪᠡᠶᠡᠯᠡᠭᠳᠡᠬᠦ ᠭᠡᠵᠦ ᠪᠠᠶᠢᠨ᠎ᠠ᠃  ᠵᠢᠶᠤᠤ ᠳ᠋ᠦᠸᠧ ᠸᠧᠨ ᠰᠠᠭᠤᠭ᠎ᠠ ᠭᠠᠵᠠᠷ ᠤᠨ ᠪᠠᠷᠠᠭᠤᠨ ᠲᠠᠯ᠎ᠠ ᠨᠢ ᠪᠠᠷᠤᠭ 500 ᠮᠧᠲᠷ ᠵᠠᠮ ᠤᠨ ᠬᠠᠵᠠᠭᠤ ᠳᠤ ᠪᠠᠶᠢᠵᠤ᠂ ᠬᠤᠭᠤᠯᠠᠶ ᠶᠢᠨ ᠶᠡᠷᠦᠩᠬᠡᠶ ᠣᠷᠳᠣ ᠨᠢ 70 ᠺᠢᠯᠤᠮᠧᠲᠷ ᠲᠤ ᠬᠦᠷᠦᠭᠰᠡᠨ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠲᠤ᠂ ᠨᠢᠭᠡᠨᠲᠡ ᠤᠭᠰᠠᠷᠠᠭᠰᠠᠨ ᠤᠰᠤ ᠬᠠᠩᠭᠠᠬᠤ ᠬᠤᠭᠤᠯᠠᠶ ᠶᠠᠭ ᠤᠷᠲᠤ ᠯᠤᠤ ᠰᠢᠭ ᠢᠶᠠᠷ ᠵᠠᠮ ᠢ ᠲᠦᠰᠢᠨ ᠤᠮᠠᠷᠠᠲᠤ ᠣᠷᠣᠨ ᠢ ᠴᠢᠭᠯᠡᠪᠡ᠃
供水保障工程采访记3.png
  ᠤᠰᠤ ᠬᠠᠩᠭᠠᠬᠤ ᠪᠠᠳᠤᠯᠠᠭ᠎ᠠ ᠶᠢᠨ ᠢᠨᠵᠧᠨ᠋ᠧᠷᠢᠩ ᠤᠨ ᠤᠰᠤᠨ ᠰᠤᠷᠪᠤᠯᠵᠢ ᠶᠢᠨ ᠭᠠᠵᠠᠷ  ᠣᠶᠢᠯᠠᠭᠠᠭᠰᠠᠨ ᠢᠶᠠᠷ᠂ ᠢᠩᠭᠡᠨ ᠰᠤᠮᠤ ᠶᠢᠨ ᠴᠠᠭᠠᠨ ᠵᠠᠳᠠᠭᠠᠢ ᠭᠠᠴᠠᠭ᠎ᠠ ᠳᠣᠪᠣᠷᠬᠠᠭ ᠭᠠᠵᠠᠷ ᠤᠨ ᠴᠦᠯ ᠮᠠᠩᠬᠠᠨ ᠭᠠᠵᠠᠷ ᠲᠤ ᠪᠠᠶᠢᠷᠢᠯᠠᠵᠤ᠂ ᠮᠠᠯᠴᠢᠳ ᠲᠠᠷᠬᠠᠢ ᠰᠠᠭᠤᠷᠢᠰᠢᠵᠤ᠂ ᠤᠯᠠᠨ ᠵᠢᠯ ᠤᠨ ᠲᠤᠷᠰᠢ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠴᠥᠮ ᠨᠡᠯᠢᠶᠡᠳ ᠬᠤᠯᠠ᠂ ᠤᠰᠤᠨ ᠤ ᠡᠬᠢ ᠪᠠᠶᠠᠯᠢᠭ ᠬᠠᠷᠢᠴᠠᠩᠭᠤᠢ ᠡᠯᠪᠡᠭ ᠭᠠᠵᠠᠷ ᠣᠷᠣᠨ ᠳᠤ ᠤᠰᠤ ᠲᠠᠲᠠᠭᠰᠠᠨ ᠤ ᠳᠠᠷᠠᠭ᠎ᠠ ᠬᠠᠳᠠᠭᠠᠯᠠᠵᠤ᠂ ᠮᠠᠯᠴᠢᠳ ᠤᠰᠤ ᠲᠠᠲᠠᠬᠤ ᠳᠠᠭᠠᠨ ᠪᠠᠰᠠ ᠬᠦᠴᠦ ᠪᠠᠷᠠᠵᠤ ᠪᠠᠶᠢᠪᠠ᠃ ᠮᠠᠯᠴᠢᠳ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠢᠩᠭᠡᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠭᠠᠴᠠᠭᠠᠨ ᠤ ︽ᠬᠤᠶᠠᠷ ᠵᠥᠪᠯᠡᠯ︾᠎ ᠨᠢ ᠠᠯᠠᠱᠠ ᠠᠶᠢᠮᠠᠭ ᠤᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠨ ᠵᠣᠬᠢᠴᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠠᠴᠠ ᠭᠠᠴᠠᠭ᠎ᠠ ᠳᠤ ᠲᠤᠬᠠᠶ ᠶᠢᠨ ᠭᠠᠵᠠᠷ ᠤᠨ ᠬᠠᠶᠢᠨ ᠰᠢᠨᠵᠢᠯᠡᠯᠲᠡ ᠬᠢᠬᠦ ᠪᠠᠷ ᠳᠡᠮᠵᠢᠨ᠂ ᠲᠣᠰ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ᠃  ᠲᠤᠰ ᠢᠨᠵᠧᠨᠧᠷᠢᠩ ᠨᠢ ᠪᠠᠰᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠡᠭᠡᠳᠦ ᠬᠡᠮᠵᠢᠶ᠎ᠡ ᠎ ᠤ ᠴᠢᠬᠤᠯᠠᠴᠢᠯᠠᠯ ᠢ ᠤᠯᠤᠭᠰᠠᠨ ᠪᠠᠶᠢᠨ᠎ᠠ᠃ ᠡᠨᠡ ᠵᠢᠯ ᠤᠨ 3 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠳᠤᠷᠢᠳᠤᠯᠭ᠎ᠠ ᠪᠦᠯᠬᠦᠮ ᠳᠠᠭᠠᠭᠤᠯᠤᠨ ᠠᠯᠠᠱᠠ ᠵᠡᠭᠦᠨ ᠬᠤᠰᠢᠭᠤᠨ ᠤ ᠥᠯᠵᠡᠶ ᠰᠤᠮᠤ᠂ ᠢᠩᠭᠡᠨ ᠰᠤᠮᠤ ᠳᠤ ᠭᠦᠨᠵᠡᠭᠡᠶᠢᠷᠡᠨ᠂ ᠬᠢᠯᠢ ᠶᠢᠨ ᠮᠠᠯᠴᠢᠨ ᠲᠠᠷᠢᠶᠠᠴᠢᠨ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠯᠵᠡᠶ ᠰᠤᠮᠤ᠂ ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠯ᠎ᠡ ᠨᠢᠭᠡᠴᠢ ᠶᠢ ᠲᠣᠭᠲᠠᠭᠰᠠᠨ ᠡᠭᠦᠷᠭᠡ ᠬᠠᠷᠠᠯᠲᠠ ᠶᠣᠰᠣᠭᠠᠷ ᠲᠣᠰ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠬᠢᠯᠢ ᠶᠢᠨ ᠴᠡᠷᠢᠭ ᠠᠩᠭᠢ ᠶᠢᠨ ᠤᠰᠤ ᠬᠠᠩᠭᠠᠬᠤ ᠪᠠᠲᠤᠯᠠᠭ᠎ᠠ ᠶᠢᠨ ᠨᠥᠬᠦᠴᠡᠯ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠥᠬᠡᠶ ᠠᠬᠢᠭᠤᠯᠵᠤ᠂ ︽ᠲᠠᠪᠤᠨ ᠶᠡᠭᠡ ᠡᠭᠦᠷᠭᠡ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠ ᠬᠢᠯᠢ ᠬᠢᠵᠠᠭᠠᠷ ᠣᠷᠣᠨ ᠤ ᠴᠡᠴᠡᠭᠯᠡᠨ ᠬᠥᠭᠵᠢᠬᠦ᠂ ᠬᠢᠯᠢ ᠶᠢᠨ ᠠᠷᠠᠳ ᠪᠦᠯᠬᠦᠮᠳᠡᠨ ᠵᠣᠯ ᠵᠢᠷᠭᠠᠯ ᠲᠠᠢ᠂ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠲᠣᠭᠲᠠᠭᠤᠨ ᠵᠡᠷᠭᠡ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃
供水保障工程采访记4.png
  ᠤᠰᠤ ᠬᠠᠩᠭᠠᠬᠤ ᠪᠠᠲᠤᠯᠭ᠎ᠠ ᠶᠢᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ  ᠭᠤᠪᠢ ᠶᠢᠨ ᠲᠠᠩ ᠳᠡᠭᠡᠷᠡᠬᠢ ᠨᠡᠷᠡᠨ ᠤ ᠭᠡᠷᠡᠯ ᠢ ᠲᠤᠯᠵᠤ᠂ ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠠᠴᠠ ᠣᠯᠵᠤ ᠦᠵᠡᠭᠰᠡᠨ ᠨᠢ᠂ ᠲᠤᠬᠠᠢ ᠶᠢᠨ ᠲᠠᠯᠠᠪᠤᠷ ᠤᠨ ᠮᠠᠰᠢᠨ ᠤ ᠳᠠᠭᠤᠨ ᠨᠢᠵᠢᠭᠢᠨᠡᠵᠦ᠂ ᠵᠢᠯᠣᠭᠤᠴᠢ ᠤᠬᠤᠭᠤᠷ ᠮᠠᠰᠢᠨ ᠤ ᠰᠤᠪᠠᠭ ᠭᠠᠷᠭᠠᠬᠤ ᠶᠢ ᠡᠵᠡᠮᠳᠡᠨ᠂ ᠬᠡᠳᠦᠨ ᠬᠤᠰᠤᠭᠤᠷ ᠪᠠᠭᠤᠭᠰᠠᠨ ᠳᠤ᠂ 1 ᠮᠧᠲᠷ ᠭᠦᠨ 2 ᠮᠧᠲᠷ ᠤᠨ ᠭᠤᠤ ᠳᠤ ᠠᠩᠬᠠᠨ ᠤ ᠳᠦᠷᠰᠦ ᠢᠯᠡᠷᠡᠭᠰᠡᠨ ᠪᠠᠶᠢᠨ᠎ᠠ᠃  ᠵᠠᠯᠭᠠᠭᠠᠳ ᠠᠵᠢᠯᠴᠢᠨ ᠦᠷᠭᠦᠯᠵᠢᠯᠡᠨ ᠰᠠᠭᠤᠷᠢ ᠳᠡᠪᠢᠰᠬᠦ᠂ ᠬᠤᠭᠤᠯᠠᠢ ᠲᠠᠯᠪᠢᠬᠤ᠂ ᠵᠠᠯᠭᠠᠬᠤ᠂ ᠨᠢᠭᠲᠠ ᠪᠢᠲᠡᠭᠦᠮᠵᠢᠯᠡᠬᠦ ᠵᠡᠷᠭᠡ ᠠᠵᠢᠯ ᠢ ᠪᠡᠶᠡᠯᠡᠭᠦᠯᠵᠦ᠂ ᠠᠯᠢᠪᠠ ᠪᠦᠬᠦᠨ ᠡᠮᠬᠢ ᠴᠡᠭᠴᠡ ᠲᠠᠢ ᠪᠠᠶᠢᠵᠤ᠂ ᠢᠳᠡᠪᠬᠢᠲᠡᠢ ᠪᠥᠭᠡᠳ ᠡᠮᠬᠢ ᠵᠢᠷᠤᠮ ᠲᠠᠢ ᠶᠠᠪᠤᠭᠳᠠᠪᠠ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠬᠤᠩ ᠽᠧ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠬᠢᠵᠠᠭᠠᠷᠲᠤ ᠺᠣᠮᠫᠠᠨᠢ ᠶᠢᠨ ᠲᠤᠬᠠᠶ ᠶᠢᠨ ᠲᠠᠯᠠᠪᠠᠶ ᠶᠢᠨ ᠬᠢᠨᠠᠨ ᠬᠠᠮᠢᠶᠠᠷᠤᠯᠲᠠ ᠴᠠᠩ ᠳ᠋ᠧ ᠪᠢᠩ᠄ ︽ᠢᠨᠵᠧᠨᠧᠷᠢᠩ 7 ᠳ᠋ᠤᠭᠠᠷ ᠰᠠᠷ᠎ᠠ ᠶᠢᠨ 15᠎ ᠤ ᠡᠳᠦᠷ ᠠᠴᠠ ᠨᠠᠭᠠᠰᠢ᠂ ᠣᠳᠣᠬᠠᠨ ᠳᠤ ᠨᠢᠭᠡᠨᠲᠡ 30 ᠺᠢᠯᠤᠮᠧᠲᠷ ᠤᠨ ᠬᠤᠭᠤᠯᠠᠶ ᠳᠡᠪᠢᠰᠬᠦ ᠠᠵᠢᠯ ᠢ ᠳᠠᠭᠤᠰᠬᠠᠵᠤ᠂ 200 ᠪᠣᠰᠤᠭ᠎ᠠ ᠳᠥᠷᠪᠡᠯᠵᠢᠨ ᠮᠧᠲᠷ ᠤᠰᠤ ᠬᠠᠳᠠᠭᠠᠯᠠᠬᠤ ᠴᠥᠭᠦᠷᠥᠮ ᠢ ᠰᠢᠨ᠎ᠡ ᠪᠠᠷ ᠪᠠᠶᠢᠭᠤᠯᠵᠤ᠂ ᠵᠢᠱᠢᠯᠲᠡ ᠪᠠᠷ ᠵᠢᠯ ᠤᠨ ᠡᠴᠦᠰ ᠲᠤ ᠪᠦᠬᠦᠨ ᠢ ᠳᠠᠭᠤᠰᠬᠠᠨ᠎ᠠ︾ ᠭᠡᠵᠡᠶ᠃  ᠡᠨᠡ ᠬᠦ ᠢᠨᠵᠧᠨᠧᠷᠢᠩ ᠨᠢ ᠰᠤᠮᠤᠨ ᠳᠤ ᠦᠵᠡᠭᠦᠯᠬᠦ ᠨᠥᠯᠥᠭᠡ ᠶᠢᠨ ᠲᠤᠬᠠᠶ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠨᠠᠮ ᠤᠨ ᠬᠤᠷᠢᠶᠠᠨ ᠤ ᠱᠦᠵᠢ ᠲᠡᠭᠦᠰ᠄ ︽ᠢᠨᠵᠧᠨᠧᠷᠢᠩ ᠨᠢ ᠰᠤᠮᠤ ᠶᠢᠨ 8 ᠡᠷᠦᠬᠡ ᠨᠡᠶᠢᠲᠡ 32 ᠬᠥᠮᠦᠨ ᠳᠤ ᠠᠰᠢᠭ ᠬᠦᠷᠲᠡᠭᠡᠵᠦ᠂ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠡᠷᠦᠬᠡ ᠶᠢᠨ ᠤᠤᠭᠤᠬᠤ ᠤᠰᠤᠨ ᠤ ᠴᠢᠨᠠᠷ ᠴᠢᠨᠰᠠᠭ᠎ᠠ ᠪᠠ ᠠᠮᠤᠷ ᠲᠦᠪᠰᠢᠨ ᠢ ᠳᠡᠭᠡᠭᠰᠢᠯᠡᠭᠦᠯᠵᠦ᠂ ᠦᠢᠯᠡᠳᠪᠦᠷᠢᠯᠡᠯ ᠠᠮᠢᠳᠤᠷᠠᠯ ᠢ ᠪᠠᠲᠤᠯᠠᠵᠤ᠂ ︿ᠬᠤᠶᠠᠷ ᠬᠠᠯᠬᠠᠪᠴᠢ﹀᠎ ᠶᠢ ᠪᠠᠲᠤ ᠴᠣᠭᠴᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠳᠤ ᠢᠳᠡᠪᠬᠢᠲᠡᠶ ᠦᠢᠯᠡᠳᠦᠯ ᠦᠵᠡᠭᠦᠯᠵᠡᠢ︾ ᠭᠡᠵᠡᠶ᠃
供水保障工程采访记5.png
  ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠨᠠᠮ ᠤᠨ ᠬᠤᠷᠢᠶᠠᠨ ᠤ ᠱᠦᠵᠢ ᠲᠡᠭᠦᠰ ᠰᠤᠷᠪᠤᠯᠵᠢᠯᠠᠭ᠎ᠠ ᠶᠢ ᠬᠦᠯᠢᠶᠡᠪᠡ  ︽ᠡᠨᠡ ᠬᠦ ᠬᠤᠭᠤᠯᠠᠶ ᠮᠠᠨ ᠤ ᠬᠡᠷ ᠤᠨ ᠬᠠᠵᠠᠭᠤ ᠳᠤ ᠨᠡᠭᠡᠯᠡᠬᠡᠶ ᠶᠢ ᠤᠷᠢᠳᠴᠢᠯᠠᠨ ᠦᠯᠡᠳᠡᠭᠡᠵᠦ᠂ ᠪᠠᠶᠢᠭᠤᠯᠵᠤ ᠳᠠᠭᠤᠰᠤᠭᠠᠳ ᠤᠰᠤ ᠨᠡᠪᠲᠡᠷᠡᠭᠦᠯᠦᠭᠰᠡᠨ ᠤ ᠳᠠᠷᠠᠭ᠎ᠠ᠂ ᠪᠢ ᠬᠤᠯᠠ ᠭᠠᠵᠠᠷ ᠠᠴᠠ ᠤᠰᠤ ᠲᠡᠭᠡᠭᠡᠬᠦ ᠴᠢᠬᠤᠯᠠ ᠥᠬᠡᠶ᠂ ᠨᠠᠩ ᠣᠯᠠᠨ ᠵᠠᠭ ᠳᠠᠷᠢᠵᠤ᠂ ᠨᠣᠭᠤᠭᠠᠷᠠᠭᠤᠯᠤᠯᠲᠠ ᠶᠢᠨ ᠲᠠᠯᠠᠪᠠᠶ ᠤᠯᠠᠮ ᠠᠴᠠ ᠤᠯᠠᠮ ᠶᠡᠬᠡᠳᠡᠬᠦ ᠪᠣᠯᠤᠨ᠎ᠠ︾ ᠭᠡᠵᠡᠶ᠃ ᠬᠤᠶᠢᠰᠢᠳᠠ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠪᠣᠳᠣᠯᠭ᠎ᠠ ᠳᠤ᠂ ᠵᠢᠶᠤᠤ ᠳ᠋ᠦᠸᠧ ᠸᠧᠨ ᠨᠠᠰᠤᠲᠠᠨ ᠬᠦᠰᠡᠯ ᠳᠦᠭᠦᠷᠡᠩ ᠪᠠᠶᠢᠨ᠎ᠠ᠃  ᠨᠢᠭᠡᠨ ᠤᠰᠤ ᠳᠠᠮᠵᠢᠭᠤᠯᠬᠤ ᠬᠤᠭᠤᠯᠠᠶ ᠨᠢ ᠮᠠᠯᠴᠢᠳ ᠲᠠᠢ ᠬᠤᠯᠪᠣᠯᠳᠤᠵᠤ᠂ ᠠᠯᠠᠱᠠ ᠵᠡᠭᠦᠨ ᠬᠤᠰᠢᠭᠤᠨ ᠤ ᠥᠷᠭᠡᠨ ᠣᠯᠠᠨ ᠬᠢᠯᠢ ᠬᠢᠵᠠᠭᠠᠷ ᠣᠷᠣᠨ ᠲᠠᠢ ᠵᠠᠯᠭᠠᠯᠳᠤᠵᠤ ᠪᠠᠶᠢᠨ᠎ᠠ᠃  ᠦᠳᠡ ᠶᠢᠨ ᠬᠤᠶᠢᠨ᠎ᠠ ᠶᠢᠨ ᠭᠤᠪᠢ ᠲᠠᠩ ᠮᠥᠨ ᠯᠡ ᠪᠦᠭᠴᠢᠮ ᠬᠠᠯᠠᠭᠤᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠴᠡᠷᠢᠭ ᠠᠩᠭᠢ ᠶᠢᠨ ᠰᠤᠮᠤᠨ ᠳᠤ ᠪᠠᠶᠢᠯᠳᠤᠭᠴᠢᠳ ᠪᠣᠯᠪᠠᠰᠤᠷᠠᠯ ᠬᠢᠵᠦ᠂ ᠠᠯᠬᠤᠭ᠎ᠠ ᠨᠢ ᠲᠡᠷᠢ ᠲᠡᠭᠰᠢ ᠬᠦᠴᠦᠲᠡᠢ᠂ ᠤᠷᠢᠶ᠎ᠠ ᠨᠢ ᠰᠦᠷ ᠵᠢᠪᠬᠤᠭ᠎ᠠ ᠲᠠᠢ ᠪᠠᠶᠢᠯ᠎ᠠ᠃ ᠣᠶᠢᠷ᠎ᠠ ᠬᠠᠪᠢ ᠶᠢᠨ ᠡᠪᠡᠰᠦᠲᠦ ᠲᠠᠯ᠎ᠠ ᠳᠤ ᠬᠡᠳᠦᠨ ᠲᠡᠮᠡᠭᠡ ᠰᠤᠯᠠ ᠰᠡᠯᠡᠭᠦᠦ ᠢᠳᠡᠰᠢ ᠢᠳᠡᠵᠦ᠂ 331 ᠤᠯᠤᠰ ᠤᠨ ᠵᠠᠮ ᠳᠡᠭᠡᠷ᠎ᠡ᠂ ᠨᠢᠭᠡᠨ ᠠᠴᠢᠶᠠᠨ ᠤ ᠮᠠᠰᠢᠨ ᠲᠡᠷᠭᠡ ᠳᠦᠭᠦᠷᠡᠩ ᠪᠠᠷᠠᠭ᠎ᠠ ᠲᠡᠭᠡᠭᠡᠵᠦ ᠤᠷᠭᠤᠯᠲᠠ ᠶᠢᠨ ᠠᠩᠭᠢ ᠠᠯᠤᠰ ᠵᠦᠭ ᠠᠶᠠᠯᠠᠵᠤ᠂ ᠦᠵᠡᠮᠵᠢ ᠪᠠᠶᠢᠳᠠᠯ ᠠᠮᠤᠷ ᠠᠮᠤᠭᠤᠯᠠᠩ ᠥᠯᠵᠡᠶ ᠪᠡᠯᠭᠡ ᠲᠠᠢ ᠪᠠᠶᠢᠯ᠎ᠠ᠃  ᠡᠨᠡ ᠪᠦᠬᠦᠨ ᠨᠢ ᠴᠥᠮ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠠᠴᠠ ᠰᠠᠯᠵᠤ ᠴᠢᠳᠠᠬᠤ ᠦᠭᠡᠢ᠂ ᠬᠢᠯᠢ ᠶᠢᠨ ᠬᠠᠮᠠᠭᠠᠯᠠᠯᠲᠠ ᠶᠢᠨ ᠠᠷᠠᠳ ᠤᠨ ᠴᠠᠭᠳᠠᠭ᠎ᠠ ᠵᠢᠴᠢ ᠨᠤᠲᠤᠭ ᠤᠰᠤ ᠪᠠᠨ ᠰᠠᠬᠢᠨ ᠬᠠᠮᠠᠭᠠᠯᠠᠬᠤ ᠡᠷᠦᠬᠡ ᠶᠢᠨ ᠦᠭᠡ ᠳᠠᠭᠤᠨ ᠦᠭᠡᠢ ᠪᠠᠷ ᠵᠢᠳᠭᠦᠵᠦ ᠪᠠᠶᠢᠨ᠎ᠠ᠃  ᠭᠡᠲᠡᠯ᠎ᠡ ᠢᠩᠭᠡᠨ ᠰᠤᠮᠤ ᠶᠢᠨ ᠬᠢᠯᠢ ᠬᠢᠵᠠᠭᠠᠷ ᠣᠷᠣᠨ ᠳᠤ ᠭᠠᠩ ᠬᠠᠭᠤᠷᠠᠶ ᠪᠣᠷᠣᠭᠠᠨ ᠪᠠᠭ᠎ᠠ ᠪᠣᠯᠬᠤᠷ ᠥᠷᠭᠡᠨ ᠣᠯᠠᠨ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠬᠢᠯᠢ ᠶᠢᠨ ᠬᠠᠮᠠᠭᠠᠯᠠᠯᠲᠠ ᠶᠢᠨ ᠠᠷᠠᠳ ᠤᠨ ᠴᠠᠭᠳᠠᠭ᠎ᠠ ᠵᠢᠴᠢ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠲᠦᠢᠯ ᠤᠨ ᠳᠤᠲᠠᠭᠳᠠᠵᠤ᠂ ᠤᠰᠤᠨ ᠤ ᠴᠢᠨᠠᠷ ᠨᠢ ᠴᠦ ᠤᠤᠭᠤᠬᠤ ᠪᠠᠷᠢᠮᠵᠢᠶ᠎ᠠ ᠳᠤ ᠬᠦᠷᠴᠦ ᠳᠡᠶᠢᠯᠬᠦ ᠥᠬᠡᠶ ᠪᠠᠶᠢᠪᠠ᠃  ᠠᠯᠠᠱᠠ ᠵᠡᠭᠦᠨ ᠬᠤᠰᠢᠭᠤᠨ ᠤ ᠤᠯᠤᠰ ᠤᠨ ᠬᠢᠯᠢ ᠬᠠᠮᠠᠭᠠᠯᠠᠯᠲᠠ ᠶᠢᠨ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠬᠢᠯᠢ ᠶᠢᠨ ᠴᠡᠷᠢᠭ ᠴᠠᠭᠳᠠᠭ᠎ᠠ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠠᠯᠠᠱᠠ ᠠᠶᠢᠮᠠᠭ ᠤᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ︽ᠴᠡᠷᠢᠭ ᠠᠩᠭᠢ ᠶᠢᠨ ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠡᠷᠢᠭ ᠤᠨ ᠶᠠᠪᠤᠳᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠴᠡᠷᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠬᠢᠯᠢ ᠶᠢᠨ ᠮᠠᠯᠵᠢᠬᠤ ᠣᠷᠣᠨ ᠤ ᠤᠤᠭᠤᠬᠤ ᠤᠰᠤ᠂ ᠤᠰᠤ ᠬᠡᠷᠡᠭᠯᠡᠬᠦ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠴᠡᠷᠢᠭ ᠴᠠᠭᠳᠠᠭ᠎ᠠ ᠵᠢᠴᠢ ᠮᠠᠯᠵᠢᠬᠤ ᠣᠷᠣᠨ ᠤ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
供水保障工程采访记6.png
  ᠥᠪᠥᠷ ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠠᠬᠢᠷᠭ᠎ᠠ ᠶᠢᠨ ᠨᠢᠭᠡᠨ ᠰᠤᠮᠤᠨ ᠤ ᠳᠠᠷᠤᠭ᠎ᠠ ᠵᠠᠩ ᠱᠦ ᠭᠤᠸᠠᠩ ᠰᠤᠷᠪᠤᠯᠵᠢᠯᠠᠭ᠎ᠠ ᠶᠢ ᠬᠦᠯᠢᠶᠡᠪᠡ  ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠠᠬᠢᠷᠭ᠎ᠠ ᠶᠢᠨ ᠨᠢᠭᠡᠨ ᠰᠤᠮᠤᠨ ᠤ ᠳᠠᠷᠤᠭ᠎ᠠ ᠶᠢᠨ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠪᠡᠷ ᠢᠶᠠᠨ ᠤᠰᠤ ᠬᠡᠷᠡᠭᠯᠡᠬᠦ ᠠᠴᠠ ᠭᠠᠳᠠᠨ᠎ᠠ᠂ ᠲᠣᠰ ᠰᠤᠮᠤ ᠪᠠᠰᠠ ᠣᠶᠢᠷ᠎ᠠ ᠬᠠᠪᠢ ᠶᠢᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠵᠢᠴᠢ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠡᠷᠦᠬᠡ ᠮᠠᠯᠴᠢᠨ ᠲᠦᠮᠡᠨ ᠤ ᠤᠰᠤ ᠬᠡᠷᠡᠭᠯᠡᠬᠦ ᠬᠡᠷᠡᠭᠴᠡᠭᠡ ᠶᠢ ᠡᠭᠦᠷᠭᠡᠯᠡᠵᠦ ᠪᠠᠶᠢᠨ᠎ᠠ᠃ ᠤᠰᠤᠨ ᠤ ᠢᠷᠡᠯᠲᠡ ᠶᠢᠨ ᠴᠡᠭ ᠠᠴᠠ ᠬᠤᠯᠠ ᠮᠥᠷᠲᠡᠭᠡᠨ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠠᠴᠠ ᠪᠣᠯᠵᠤ᠂ ᠤᠰᠤ ᠬᠡᠷᠡᠭᠯᠡᠬᠦ ᠳᠤ ᠲᠦᠢᠯ ᠤᠨ ᠬᠦᠴᠢᠷᠲᠡᠢ ᠪᠠᠶᠢᠳᠠᠭ᠃ ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ 2024 ᠣᠨ ᠤ ᠬᠢᠯᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠬᠤᠭᠤᠯᠠᠶ ᠲᠦᠷᠭᠡᠨ ᠠᠬᠢᠬᠤ ᠶᠢ ᠳᠠᠭᠠᠯᠳᠤᠨ᠂ ᠡᠨᠡ ᠬᠦ ᠠᠰᠠᠭᠤᠳᠠᠯ ᠴᠦ ᠰᠢᠢᠳᠪᠦᠷᠢᠯᠡᠭᠳᠡᠬᠦ ᠪᠣᠯᠤᠨ᠎ᠠ᠃  ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠠᠬᠢᠷᠭ᠎ᠠ ᠶᠢᠨ ᠨᠢᠭᠡᠨ ᠰᠤᠮᠤᠨ ᠤ ᠳᠠᠷᠤᠭ᠎ᠠ ᠵᠠᠩ ᠱᠦ ᠭᠤᠸᠠᠩ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠄ ︽ᠰᠤᠮᠤ ᠶᠢᠨ ᠠᠩᠭᠢ ᠶᠢᠨ ᠠᠮᠢᠳᠤᠷᠠᠯ ᠳᠤ ᠬᠡᠷᠡᠭᠯᠡᠬᠦ ᠤᠰᠤ ᠮᠠᠰᠢ ᠬᠦᠴᠢᠷ᠂ ᠦᠷᠭᠦᠯᠵᠢ 20 ᠺᠢᠯᠤᠮᠧᠲᠷ ᠠᠴᠠ ᠭᠠᠳᠠᠨᠠᠬᠢ ᠤᠰᠤᠨ ᠤ ᠢᠷᠡᠯᠲᠡ ᠶᠢᠨ ᠴᠡᠭ ᠲᠤ ᠤᠰᠤ ᠲᠠᠲᠠᠵᠤ᠂ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠵᠢᠴᠢ ᠤᠤᠭᠤᠬᠤ ᠤᠰᠤᠨ ᠳᠤ ᠮᠠᠰᠢ ᠶᠡᠭᠡ ᠳᠥᠭᠦᠮ ᠦᠭᠡᠢ ᠪᠣᠯᠵᠤ᠂ ᠢᠨᠵᠧᠨᠧᠷᠢᠩ ᠳᠠᠭᠤᠰᠤᠭᠰᠠᠨ ᠤ ᠳᠠᠷᠠᠭ᠎ᠠ᠂ ᠳᠠᠷᠤᠭ᠎ᠠ ᠪᠠᠶᠢᠯᠳᠤᠭᠴᠢᠳ ᠴᠠᠭ ᠲᠤᠬᠠᠶ ᠳᠤᠨᠢ ᠴᠡᠪᠡᠷ ᠤᠤᠭᠤᠬᠤ ᠤᠰᠤ ᠬᠡᠷᠡᠭᠯᠡᠵᠦ ᠴᠢᠳᠠᠬᠤ ᠪᠣᠯᠵᠠᠢ᠂ ᠡᠨᠡ ᠬᠦ ᠠᠷᠭ᠎ᠠ ᠬᠡᠮᠵᠢᠶ᠎ᠡ ᠨᠢ ᠠᠮᠢᠳᠤᠷᠠᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠭᠰᠡᠨ ᠪᠥᠭᠡᠳ ᠪᠠᠰᠠ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠳᠤ ᠵᠣᠬᠢᠬᠤ ᠬᠡᠮᠵᠢᠶᠡᠨ ᠤ ᠠᠬᠢᠭᠤᠯᠬᠤ ᠦᠢᠯᠡᠳᠦᠯ ᠲᠠᠢ ᠶᠤᠮ︾᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠦᠷᠭᠦᠯᠵᠢᠯᠡᠨ ᠬᠥᠲᠥᠯᠥᠨ ᠳᠠᠭᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠨ᠂ ᠨᠠᠩ ᠶᠡᠭᠡ ᠡᠷᠡᠰ ᠵᠣᠷᠢᠭ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠠᠬᠢᠨ ᠲᠦᠷᠭᠡᠳᠭᠡᠬᠦ᠂ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ᠂ ᠳᠠᠬᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠢᠨᠵᠧᠨᠧᠷᠢᠩ ᠤᠨ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠣᠯᠠᠨ ᠲᠦᠮᠡᠨ ᠤ ᠰᠠᠨᠠᠭ᠎ᠠ ᠠᠮᠤᠷ ᠤᠰᠤ᠂ ᠠᠮᠤᠷ ᠲᠦᠪᠰᠢᠨ ᠤᠰᠤ᠂ ᠵᠣᠯ ᠵᠢᠷᠭᠠᠯᠲᠤ ᠤᠰᠤ ᠤᠤᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶ ᠨᠠᠶᠢᠳᠠᠪᠤᠷᠢᠵᠢᠭᠤᠯᠵᠤ᠂ ᠤᠰᠤ ᠬᠠᠩᠭᠠᠬᠤ ᠬᠡᠪᠴᠢᠶ᠎ᠡ ᠪᠠ ᠲᠦᠭᠡᠭᠡᠯ ᠤᠰᠤ ᠶᠢ ᠲᠦᠭᠡᠮᠡᠯᠵᠢᠭᠦᠯᠬᠦ ᠨᠣᠷᠮ᠎ᠠ ᠶᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ︽ᠡᠴᠦᠰ ᠤᠨ ᠨᠢᠭᠡ ᠺᠢᠯᠤᠮᠧᠲᠷ︾᠎ ᠢ ᠨᠡᠪᠲᠡᠷᠡᠭᠦᠯᠬᠦ ᠬᠡᠷᠡᠭᠲᠡᠶ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号