ᠥᠪᠥᠷ ᠮᠣᠩᠭᠤᠯ ᠤᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤ ᠶᠢ ᠬᠢᠨᠠᠨ ᠬᠡᠮᠵᠢᠬᠦ ᠲᠣᠤᠷ ᠰᠦᠯᠵᠢᠶ᠎ᠡ ᠦᠨᠳᠦᠰᠦᠨ ᠳᠤ ᠪᠠᠨ ᠪᠦᠷᠢᠯᠳᠦᠪᠡ
ᠨᠡᠶᠢᠲᠡᠯᠡᠭᠰᠡᠨ ᠴᠠᠭ᠄
2024/11/1
  ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠤᠳ ᠲᠤ ᠥᠪᠥᠷ ᠮᠣᠩᠭᠤᠯ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠬᠤᠳᠳᠤᠭ 2600 ᠭᠠᠷᠤᠢ ᠪᠠᠢᠷᠢᠯᠠᠭᠤᠯᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ ︽ᠴᠠᠬᠢᠯᠭᠠᠨ ᠢᠶᠠᠷ ᠤᠰᠤ ᠶᠢ ᠨᠤᠭᠤᠯᠵᠤ ᠪᠣᠳᠣᠬᠤ︾ ᠵᠡᠷᠭᠡ ᠠᠷᠭ᠎ᠠ ᠬᠡᠯᠪᠡᠷᠢ ᠪᠠᠷ ᠬᠤᠳᠳᠤᠭ ᠤᠨ ᠤᠰᠤᠯᠠᠯᠲᠠ ᠶᠢᠨ ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠣᠳᠣᠬᠠᠨ ᠳᠤ᠂ ᠥᠪᠥᠷ ᠮᠣᠩᠭᠤᠯ ᠤᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠤᠰᠤ ᠶᠢ ᠬᠢᠨᠠᠨ ᠬᠡᠮᠵᠢᠬᠦ ᠰᠦᠯᠵᠢᠶ᠎ᠡ ᠦᠨᠳᠦᠰᠦᠨ ᠳᠤ ᠪᠠᠨ ᠪᠦᠷᠢᠯᠳᠦᠵᠡᠶ᠃  ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ᠂ ᠭᠠᠵᠠᠷ ᠳᠣᠤᠷᠠᠬᠢ ᠤᠰᠤᠨ ᠤ ᠲᠦᠪᠰᠢᠨ ᠢ ᠮᠡᠳᠡᠭᠡᠯᠡᠬᠦ ᠲᠦᠷᠢᠮ ᠢ ᠪᠠᠶᠢᠭᠤᠯᠤᠨ᠂ ᠭᠠᠵᠠᠷ ᠳᠣᠤᠷᠠᠬᠢ ᠤᠰᠤᠨ ᠤ ᠬᠡᠮᠵᠢᠶ᠎ᠡ᠂ ᠤᠰᠤᠨ ᠲᠦᠪᠰᠢᠨ ᠤ ︽ᠬᠤᠶᠠᠷ ᠢ ᠡᠵᠡᠮᠳᠡᠬᠦ︾ ᠶᠢ ᠦᠨᠡᠯᠡᠨ ᠵᠢᠱᠢᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠵᠦᠶ ᠵᠣᠬᠢᠰᠲᠠᠶ ᠨᠡᠭᠡᠭᠡᠨ ᠠᠰᠢᠭᠯᠠᠬᠤ ᠪᠠ ᠦᠷᠭᠦᠯᠵᠢᠯᠡᠨ ᠠᠰᠢᠭᠯᠠᠬᠤ ᠶᠢ ᠠᠬᠢᠭᠤᠯᠤᠨ᠂ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠪᠠ᠃ ︽ᠴᠠᠬᠢᠯᠭᠠᠨ ᠢᠶᠠᠷ ᠤᠰᠤ ᠶᠢ ᠨᠤᠭᠤᠯᠵᠤ ᠪᠣᠳᠣᠬᠤ︾ ᠶᠢ ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠥᠪᠥᠷ ᠮᠣᠩᠭᠤᠯ ᠪᠥᠬᠦ ᠣᠷᠣᠨ ᠤ ᠭᠠᠵᠠᠷ ᠳᠣᠤᠷᠠᠬᠢ ᠤᠰᠤᠨ ᠤ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠮᠤᠭ ᠤᠨ ᠬᠠᠲᠠᠭᠤ ᠬᠢᠵᠠᠭᠠᠷᠯᠠᠯ ᠢ ᠦᠨᠡᠨ ᠬᠦ ᠬᠢᠬᠦ ᠳᠤ ᠰᠠᠭᠤᠷᠢ ᠲᠤᠯᠭᠠᠭᠤᠷᠢᠯᠠᠯ ᠬᠠᠩᠭᠠᠪᠠ᠃  ︵ᠥᠪᠥᠷ ᠮᠣᠩᠭᠤᠯ ᠤᠨ ᠡᠳᠦᠷ ᠤᠨ ᠰᠣᠨᠢᠨ ᠠᠴᠠ ᠰᠢᠯᠵᠢᠭᠦᠯᠪᠡ︶ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号