ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 10 ᠳ᠋ᠤᠭᠠᠷ | ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠣᠷᠣᠨ ᠳᠤ ᠮᠡᠷᠭᠡᠵᠢᠯ ᠤᠨ ᠭᠡᠷ᠎ᠡ ᠶᠢ ᠨᠡᠶᠢᠲᠡ 1542 ᠵᠦᠢᠯ | ᠳᠠᠩᠰᠠᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 14.73% ᠨᠡᠮᠡᠭᠳᠡᠨ᠂ ᠭᠡᠷ᠎ᠡ ᠶᠢᠨ ᠠᠷᠠᠯᠵᠢᠶᠠᠨ ᠤ ᠲᠤᠭ᠎ᠠ | 57.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.32% ᠢᠶᠠᠷ | ᠨᠡᠮᠡᠭᠳᠡᠨ᠂ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠴᠦ᠂ ᠪᠥᠬᠦ ᠣᠷᠣᠨ ᠤ ᠮᠡᠷᠭᠡᠵᠢᠯ ᠤᠨ ᠠᠷᠠᠯᠵᠢᠶᠠᠨ ᠤ | ᠵᠠᠬ᠎ᠠ ᠳᠡᠯᠭᠡᠭᠦᠷ ᠲᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠪᠡ᠃ | ᠬᠠᠮᠤᠭ ᠤᠨ ᠰᠢᠨ᠎ᠡ ᠲᠤᠭ᠎ᠠ ᠪᠠᠷᠢᠮᠲᠠ ᠶᠢᠨ ᠪᠦᠷᠢᠳᠬᠡᠯ ᠠᠴᠠ ᠦᠵᠡᠪᠡᠯ᠂ ᠮᠠᠨ ᠤ ᠣᠷᠣᠨ ᠤ ᠠᠵᠤ | ᠠᠬᠤᠶᠢᠯᠠᠯ ᠮᠡᠷᠭᠡᠵᠢᠯ ᠤᠨ ᠠᠷᠠᠯᠵᠢᠶᠠᠨ ᠤ ᠭᠤᠤᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠤᠯᠠᠮ ᠠᠴᠠ ᠤᠯᠠᠮ ᠬᠥᠭᠵᠢᠶᠡᠨᠲᠡᠢ ᠪᠣᠯᠵᠤ ᠪᠠᠶᠢᠨ᠎ᠠ᠃ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ | ᠮᠠᠨ ᠤ ᠣᠷᠣᠨ ᠤ ᠠᠵᠤ ᠠᠬᠤᠶᠢᠯᠠᠯ ᠡᠯ᠎ᠡ ᠲᠥᠷᠥᠯ ᠤᠨ 990 ᠵᠦᠢᠯ ᠤᠨ ᠮᠡᠷᠭᠡᠵᠢᠯ ᠢᠶᠠᠨ ᠠᠷᠠᠯᠵᠢᠶᠠᠯᠠᠵᠤ᠂ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 36.96 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ | ᠲᠥᠷᠥᠯ ᠤᠨ ᠮᠡᠷᠭᠡᠵᠢᠯ ᠤᠨ ᠠᠷᠠᠯᠵᠢᠶᠠᠨ ᠤ ᠭᠤᠤᠯ ᠴᠣᠭᠴᠠ ᠶᠢᠨ ᠨᠢᠭᠡᠳᠦᠭᠡᠷ ᠲᠤ ᠣᠷᠣᠪᠠ᠃ ᠳᠠᠩᠰᠠᠯᠠᠬᠤ ᠭᠤᠣᠯ | ᠴᠣᠭᠴᠠ ᠠᠴᠠ ᠦᠵᠡᠪᠡᠯ᠂ ᠠᠵᠤ ᠠᠬᠤᠶᠢᠯᠠᠯ ᠤᠨ ᠳᠠᠩᠰᠠᠯᠠᠬᠤ ᠲᠤᠭ᠎ᠠ ᠬᠡᠮᠵᠢᠶ᠎ᠡ ᠬᠢᠭᠡᠳ ᠵᠣᠭᠤᠰ ᠤᠨ ᠲᠤᠭ᠎ᠠ ᠨᠢ | ᠲᠣᠰ ᠲᠣᠰ ᠪᠥᠬᠦ ᠣᠷᠣᠨ ᠤ 64.20% ᠪᠠ 64.76% ᠶᠢ ᠡᠵᠡᠯᠡᠪᠡ᠃ ᠳᠡᠩᠰᠡᠯᠡᠨ ᠲᠡᠮᠳᠡᠭᠯᠡᠬᠦ ᠬᠤᠲᠠ ᠠᠴᠠ | ᠠᠪᠴᠤ ᠦᠵᠡᠪᠡᠯ᠂ 2024 ᠣᠨ ᠤ ᠲᠦᠷᠦᠭᠦᠤ ᠭᠤᠷᠪᠠᠨ ᠤᠯᠠᠷᠢᠯ ᠤᠨ ᠮᠡᠷᠭᠡᠵᠢᠯ ᠤᠨ ᠠᠷᠠᠯᠵᠢᠶ᠎ᠠ ᠨᠡᠯᠢᠶᠡᠳ | ᠬᠥᠭᠵᠢᠶᠡᠨᠲᠡᠶ ᠭᠠᠵᠠᠷ ᠣᠷᠣᠨ ᠪᠣᠯ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠪᠣᠯᠤᠨ᠎ᠠ᠂ ᠭᠤᠷᠪᠠᠨ | ᠭᠠᠵᠠᠷ ᠤᠨ ᠳᠡᠩᠰᠡᠯᠡᠨ ᠲᠡᠮᠳᠡᠭᠯᠡᠭᠰᠡᠨ ᠲᠤᠭ᠎ᠠ ᠬᠡᠮᠵᠢᠶ᠎ᠡ ᠪᠠ ᠵᠣᠭᠤᠰ ᠤᠨ ᠲᠤᠭ᠎ᠠ ᠨᠢ ᠲᠣᠰ ᠲᠣᠰ ᠪᠥᠬᠦ ᠣᠷᠣᠨ ᠤ | ᠶᠡᠷᠦᠩᠬᠡᠶ ᠳᠡᠩᠰᠡᠯᠡᠨ ᠲᠡᠮᠳᠡᠭᠯᠡᠭᠰᠡᠨ ᠬᠡᠮᠵᠢᠶᠡᠨ ᠤ 60.31% ᠪᠠ 67.82% ᠢ ᠡᠵᠡᠯᠡᠨ᠎ᠡ᠃ ᠡᠭᠦᠨ ᠠᠴᠠ | ᠭᠠᠳᠠᠨ᠎ᠠ᠂ ᠡᠨᠡ ᠵᠢᠯ ᠤᠨ ᠨᠢᠭᠡᠳᠦᠭᠡᠷ ᠤᠯᠠᠷᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ | ᠪᠥᠬᠦ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ | ᠲᠤᠭ᠎ᠠ ᠨᠢ ᠳᠡᠭᠡᠷ᠎ᠡ ᠨᠢᠭᠡ ᠵᠢᠯ ᠤᠨ ᠠᠳᠠᠯᠢ ᠬᠤᠭᠤᠴᠠᠭᠠᠨ ᠤ 5 ᠳᠠᠬᠢᠨ ᠭᠠᠷᠤᠶ ᠪᠠᠶᠢᠵᠤ᠂ ᠡᠭᠦᠨ ᠳᠤ ᠡᠮᠦᠨ᠎ᠡ | ᠭᠤᠷᠪᠠ ᠳᠤ ᠵᠢᠭᠰᠠᠭᠠᠭᠳᠠᠭᠰᠠᠨ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠶᠡᠭᠡ | ᠰᠤᠷᠭᠠᠭᠤᠯᠢ ᠪᠣᠯᠤᠨ᠎ᠠ᠃ ᠡᠨᠡ ᠨᠢ ᠶᠡᠭᠡ ᠳᠡᠭᠡᠳᠦ ᠰᠤᠷᠭᠠᠭᠤᠯᠢ ᠬᠢᠭᠡᠳ ᠵᠠᠬ᠎ᠠ ᠳᠡᠯᠭᠡᠭᠦᠷ ᠤᠨ ᠬᠤᠭᠤᠷᠣᠨᠳᠣᠬᠢ | ᠬᠠᠷᠢᠯᠴᠠᠭ᠎ᠠ ᠤᠯᠠᠮ ᠣᠯᠠᠰᠢᠷᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠣᠷᠣᠨ ︽ᠮᠧᠩ ᠺᠧ ᠵᠢᠤᠢ︾ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠨᠢᠭᠡ ᠰᠦᠯᠵᠢᠶ᠎ᠡ︾ ᠶᠢ ᠠᠰᠢᠭᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠥᠨᠳᠥᠷ ᠪᠦᠲᠦᠮᠵᠢᠲᠡᠶ ᠪᠠᠷ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ︽ᠭᠤᠷᠪᠠᠨ ᠭᠠᠷᠳᠠᠴᠠ︾ ᠶᠢ ᠭᠤᠤᠯᠳᠠᠯᠭ᠎ᠠ ᠲᠠᠢ ᠰᠠᠶᠢᠲᠤᠷ ᠬᠡᠷᠡᠭᠯᠡᠨ ᠪᠥᠬᠦ ᠣᠷᠣᠨ ᠤ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠠᠬᠢᠭᠤᠯᠵᠤ᠂ ᠮᠡᠷᠭᠡᠵᠢᠯ ᠢ ᠰᠢᠯᠵᠢᠭᠦᠯᠬᠦ | ᠪᠠᠶᠢᠭᠤᠯᠤᠮᠵᠢ ᠶᠢ ᠲᠦᠷᠭᠡᠨ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ ᠪᠠ ᠨᠡᠶᠢᠭᠡᠮᠴᠢᠯᠡᠨ ᠬᠥᠭᠵᠢᠭᠦᠯᠬᠦ ᠶᠢ | ᠳᠥᠯᠭᠢᠨ ᠠᠬᠢᠭᠤᠯᠵᠤ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠤᠨ ᠮᠡᠷᠭᠡᠵᠢᠯ ᠤᠨ ᠠᠷᠠᠯᠵᠢᠶ᠎ᠠ ᠶᠢ ᠠᠬᠢᠭᠤᠯᠤᠭᠰᠠᠨ ᠮᠡᠷᠭᠡᠵᠢᠯ ᠤᠨ ᠵᠠᠭᠤᠴᠢᠯᠠᠭᠴᠢ᠂ | ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠳᠤ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠴᠠᠭ ᠲᠤᠬᠠᠶ ᠳᠤ ᠨᠢ ᠥᠷᠨᠢᠭᠦᠯᠵᠦ᠂ ᠡᠯ᠎ᠡ ᠬᠠᠮᠢᠶ᠎ᠠ ᠪᠥᠬᠦᠶ ᠭᠤᠤᠯ ᠴᠣᠭᠴᠠ ᠳᠤ 6500 ᠲᠦᠮᠡᠨ ᠲᠥᠭᠦᠷᠢᠭ ᠤᠨ | ᠱᠠᠩᠨᠠᠯ ᠨᠥᠬᠦᠪᠥᠷᠢ ᠣᠯᠭᠤᠵᠤ᠂ ᠮᠡᠷᠭᠡᠵᠢᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ | ᠥᠬᠡᠶ ᠤᠷᠮᠠᠰᠢᠭᠤᠯᠤᠨ ᠠᠬᠢᠭᠤᠯᠵᠤ ᠪᠠᠶᠢᠨ᠎ᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠳᠤ | ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠨᠡᠶᠢᠲᠡ 118 ᠪᠠᠶᠢᠵᠤ᠂ ᠪᠥᠬᠦ ᠣᠷᠣᠨ ᠤ 12 | ᠠᠶᠢᠮᠠᠭ ᠬᠤᠲᠠ ᠶᠢ ᠬᠠᠮᠤᠷᠪᠠ︔ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠢ | ᠬᠥᠮᠦᠵᠢᠭᠦᠯᠬᠦ ᠰᠠᠭᠤᠷᠢᠨ ᠭᠠᠵᠠᠷ 15 ᠪᠠᠶᠢᠵᠤ᠂ ᠮᠡᠷᠭᠡᠵᠢᠯ ᠤᠨ ᠵᠠᠭᠤᠴᠢᠯᠠᠭᠴᠢ ᠶᠢ 3648 ᠬᠥᠮᠦᠵᠢᠭᠦᠯᠪᠡ᠃ | |